ᠦᠬᠠᠢ ᠬᠤᠳᠠ ᠶᠢᠨ ᠠᠯᠪᠠᠨ ᠪᠠᠶᠢᠭᠤᠯᠭ᠎ᠠ ᠠᠵᠢᠯ ᠦᠶᠯᠡᠰ ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠣᠷᠤᠭᠰᠢᠲᠠᠢ ᠠᠬᠢᠵᠤ ᠪᠣᠢ
ᠨᠡᠶᠢᠲᠡᠯᠡᠭᠰᠡᠨ ᠴᠠᠭ᠄
2018/12/26
     ᠡᠨᠡ ᠵᠢᠯ ᠠᠴᠠ ᠨᠠᠭᠠᠰᠢ᠂ ᠬᠤᠲᠠ᠂ ᠲᠣᠭᠤᠷᠢᠭ ᠬᠤᠶᠠᠷ ᠱᠠᠲᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢᠨ ᠭᠠᠷᠳᠠᠨ ᠭᠦᠢᠴᠡᠳᠬᠡᠬᠦ ᠠᠵᠢᠯ ᠨᠢ ᠪᠠᠶᠢᠷᠢᠯᠠᠭᠤᠯᠤᠯᠲᠠ ᠶᠣᠰᠣᠭᠠᠷ ᠦᠷᠭᠦᠯᠵᠢᠯᠡᠨ ᠠᠬᠢᠵᠤ᠂ 11 ᠳ᠋ᠦ᠋ᠭᠡᠷ ᠰᠠᠷ᠎ᠠ ᠶᠢᠨ ᠡᠴᠦᠰ ᠪᠣᠯᠲᠠᠯ᠎ᠠ᠂ ᠦᠬᠠᠶ ᠬᠤᠲᠠ ᠶᠢᠨ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠭᠠᠷᠳᠠᠨ ᠭᠦᠢᠴᠡᠳᠬᠡᠬᠦ ᠠᠵᠢᠯ ᠨᠢᠭᠡᠨᠲᠡ ᠪᠡᠯᠡᠳᠬᠡᠯ ᠬᠤᠭᠤᠴᠠᠭᠠᠨ ᠤ ᠲᠤᠬᠠᠶᠢᠯᠠᠭᠰᠠᠨ ᠠᠵᠢᠯ ᠤᠨ ᠭᠠᠷᠳᠠᠮ ᠢ ᠪᠦᠬᠦ ᠲᠠᠯ᠎ᠠ ᠪᠠᠷ ᠪᠡᠶᠡᠯᠡᠭᠦᠯᠵᠦ᠂ ᠡᠯ᠎ᠡ ᠳᠦᠷᠦᠯ ᠤᠨ ᠬᠢᠨᠠᠨ ᠰᠢᠯᠭᠠᠬᠤ ᠬᠠᠷᠠᠯᠲᠠ ᠪᠠᠨ ᠤᠷᠤᠭᠰᠢᠲᠠᠢ ᠪᠡᠶᠡᠯᠡᠭᠦᠯᠪᠡ᠃ ᠪᠥᠬᠦ ᠬᠤᠲᠠ ᠶᠢᠨ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠨᠢᠭᠡᠨᠲᠡ 548 ᠡᠷᠦᠬᠡ᠂ 30974 ᠬᠥᠮᠦᠨ ᠳᠠᠭᠠᠳᠬᠠᠯ ᠳᠤ ᠣᠷᠣᠯᠴᠠᠬᠤ ᠪᠠᠷ ᠳᠠᠩᠰᠠᠯᠠᠭᠤᠯᠵᠤ᠂ ᠳᠠᠭᠠᠳᠬᠠᠯ ᠳᠤ ᠳᠠᠩᠰᠠᠯᠠᠭᠤᠯᠬᠤ ᠶᠣᠰᠣᠲᠠᠶ ᠡᠷᠦᠬᠡ᠂ ᠬᠥᠮᠦᠨ ᠤ ᠲᠤᠭ᠎ᠠ ᠨᠢ ᠪᠦᠷ 100%᠎ ᠳᠤ ᠬᠦᠷᠪᠡ︔ ᠨᠡᠶᠢᠲᠡ 548 ᠡᠷᠦᠬᠡ᠂ 19485 ᠬᠥᠮᠦᠨ ᠰᠦᠢᠳᠬᠡᠯ ᠲᠤᠰᠢᠶᠠᠵᠦ᠂ ᠰᠦᠶᠳᠬᠡᠯ ᠲᠤᠰᠢᠶᠠᠬᠤ ᠰᠠᠭᠤᠷᠢ ᠲᠤᠭ᠎ᠠ ᠶᠢᠨ ᠬᠢᠨᠠᠨ ᠲᠣᠭᠲᠠᠭᠠᠯ ᠢ ᠪᠡᠶᠡᠯᠡᠭᠦᠯᠦᠭᠰᠡᠨ ᠬᠠᠷᠢᠴᠠᠯ ᠨᠢ ᠪᠦᠷ 100%᠎ ᠳᠤ ᠬᠦᠷᠪᠡ︔ ᠨᠡᠶᠢᠭᠡᠮ ᠤᠨ ᠳᠠᠭᠠᠳᠬᠠᠯ ᠤᠨ ᠭᠠᠷᠳᠠᠨ ᠭᠦᠢᠴᠡᠳᠬᠡᠬᠦ ᠪᠠᠶᠢᠭᠤᠯᠤᠮᠵᠢ ᠠᠴᠠ 450 ᠡᠷᠦᠬᠡ᠂ 11489 ᠬᠦᠮᠦᠨ ᠳᠤ ᠨᠠᠰᠤᠵᠢᠯ ᠤᠨ ᠠᠰᠠᠷᠠᠮᠵᠢ ᠶᠢᠨ ᠮᠥᠩᠭᠦ ᠣᠯᠭᠤᠵᠤ᠂ ᠣᠯᠭᠤᠬᠤ ᠶᠣᠰᠣᠲᠠᠢ ᠨᠢᠭᠡᠴᠢ᠂ ᠬᠥᠮᠦᠨ ᠤ ᠲᠤᠭ᠎ᠠ ᠶᠢ 100%᠎ ᠪᠠᠷ ᠪᠡᠶᠡᠯᠡᠭᠦᠯᠪᠡ︔ ᠨᠡᠶᠢᠲᠡ 548 ᠡᠷᠦᠬᠡ ᠶᠢᠨ ᠪᠡᠯᠡᠳᠬᠡᠯ ᠬᠤᠭᠤᠴᠠᠭᠠᠨ ᠤ ᠳ᠋ᠦᠩᠨᠡᠨ ᠪᠤᠳᠤᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠭᠦᠢᠴᠡᠳᠬᠡᠭᠰᠡᠨ ᠬᠠᠷᠢᠴᠠᠯ ᠨᠢ 100% ᠬᠦᠷᠪᠡ᠃ ᠳᠠᠷᠠᠭᠠᠴᠢ ᠶᠢᠨ ᠠᠯᠬᠤᠮ ᠳᠤ᠂ ᠦᠬᠠᠶ ᠬᠤᠲᠠ ᠭᠤᠣᠯᠳᠠᠭᠤ ᠭᠠᠷᠲᠠᠨ ᠭᠦᠶᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠠᠷᠲᠠᠨ ᠭᠦᠶᠴᠡᠳᠬᠡᠬᠦ ᠠᠵᠢᠯᠲᠠᠳ ᠤᠨ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ ᠭᠠᠷᠳᠠᠨ ᠭᠦᠢᠴᠡᠳᠬᠡᠬᠦ ᠴᠢᠳᠠᠪᠤᠷᠢ ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠯᠦᠭᠡ ᠵᠣᠯᠭᠠᠭᠤᠯᠬᠤ ᠪᠠᠨ ᠴᠢᠩᠭᠠᠳᠬᠠᠵᠤ᠂ ᠪᠠᠶᠢᠭᠤᠯᠭ᠎ᠠ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠰᠢᠰᠲ᠋ᠧᠮ ᠢᠶᠠᠨ ᠲᠠᠰᠤᠷᠠᠯᠲᠠ ᠦᠭᠡᠢ ᠪᠦᠷᠢᠨᠰᠢᠭᠦᠯᠵᠦ᠂ ᠨᠠᠰᠤᠵᠢᠯ ᠤᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠬᠦ ᠠᠵᠢᠯ ᠢ ᠰᠠᠶᠢᠲᠤᠷ ᠬᠢᠬᠦ ᠂ ᠬᠠᠷᠠᠭᠠᠯᠵᠠᠯ ᠢ ᠳᠠᠬᠢᠨ ᠪᠤᠳᠤᠬᠤ ᠵᠡᠷᠭᠡ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠦᠬᠠᠢ ᠬᠤᠳᠠ ᠶᠢᠨ ᠪᠠᠶᠢᠭᠤᠯᠭ᠎ᠠ ᠠᠵᠢᠯ ᠦᠶᠯᠡᠰ ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠦᠨᠡᠨ ᠬᠦ ᠪᠠᠲᠤᠯᠠᠬᠤ ᠪᠠᠷ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号