ᠦᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠬᠡᠷᠡᠭᠵᠢᠭᠦᠯᠬᠦ ᠲᠦᠰᠦᠯ ᠢ ᠳᠠᠷᠤᠮᠠᠯᠯᠠᠨ ᠶᠠᠪᠤᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠬᠠᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2018/12/26
                       ᠥᠪᠥᠷ ᠵᠠᠰᠠᠭ ᠲᠠᠷᠬᠠᠭᠠᠭᠰᠠᠨ ﹇2018﹈ 30 ᠳ᠋ᠤᠭᠠᠷ ᠲᠤᠭᠠᠳᠤ                                       8 ᠳ᠋ᠤᠭᠠᠷ ᠰᠠᠷ᠎ᠠ ᠶᠢᠨ 14 ᠤ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠬᠡᠷᠡᠭᠵᠢᠭᠦᠯᠬᠦ ᠲᠦᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠲᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃              ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ              ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠬᠡᠷᠡᠭᠵᠢᠭᠦᠯᠬᠦ ᠲᠦᠰᠦᠯ      ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠳᠤ ᠦᠭᠡᠷᠡᠴᠢᠯᠡᠯᠲᠡ ᠬᠢᠬᠦ ᠡᠷᠴᠢᠮ ᠢ ᠴᠢᠩᠭᠠᠷᠠᠭᠤᠯᠬᠤ ᠲᠣᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠶᠢᠭᠤᠯᠤᠯ ᠲᠣᠭᠲᠠᠴᠠ ᠳᠤ ᠤᠯᠠᠮ ᠨᠢᠭᠡ ᠠᠯᠬᠤᠮ ᠦᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ ᠡᠵᠡᠩᠨᠡᠨ ᠬᠤᠳᠠᠯᠳᠤᠭᠠᠯᠠᠬᠤ ᠳᠤ ᠠᠮᠦᠷ ᠲᠣᠭᠲᠠᠭᠤᠨ ᠡᠷᠬᠡ ᠲᠡᠭᠰᠢ ᠢᠯᠡ ᠲᠣᠳᠣ ᠪᠦᠬᠦᠢ᠂ ᠵᠢᠱᠢᠵᠦ ᠪᠣᠯᠬᠤᠶᠢᠴᠠ ᠣᠯᠠᠨ ᠤᠯᠤᠰᠴᠢᠯᠠᠬᠤ᠂ ᠬᠠᠤᠯᠢ ᠪᠠᠷ ᠵᠠᠰᠠᠵᠢᠬᠤ᠂ ᠳᠦᠭᠦᠮ ᠦᠵᠡᠭᠦᠯᠬᠦ ᠣᠷᠴᠢᠨ ᠨᠦᠬᠦᠴᠡᠯ ᠢ ᠪᠣᠢ ᠪᠣᠯᠭᠠᠵᠤ᠂ ᠪᠦᠬᠦ ᠣᠷᠣᠨ ᠤ ᠠᠵᠤ ᠠᠬᠤᠢ ᠶᠢᠨ ᠴᠢᠨᠠᠷᠵᠢᠭᠤᠨ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠲᠤᠰ ᠲᠦᠰᠦᠯ ᠢ ᠲᠣᠭᠲᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠪᠣᠯ ᠦᠢᠯᠡᠳᠪᠦᠷᠢᠯᠡᠯ ᠤᠨ ᠬᠦᠴᠦᠨ ᠢ ᠴᠢᠯᠦᠭᠡᠯᠡᠵᠦ᠂ ᠶᠡᠷᠦᠩᠬᠡᠢ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠶᠠᠪᠤᠳᠠᠯ ᠪᠣᠯᠬᠤ ᠣᠨᠣᠯᠵᠢᠬᠤᠨ ᠢ ᠪᠠᠲᠤ ᠪᠠᠬᠢ ᠪᠣᠢ ᠪᠣᠯᠭᠠᠵᠤ᠂ ᠵᠠᠰᠠᠭ ᠤᠨ ᠣᠷᠳᠣᠨ ᠤ ᠣᠯᠠᠨ ᠨᠡᠶᠢᠲᠡ ᠳᠤ ᠦᠢᠯᠡᠴᠢᠯᠡᠬᠦ ᠴᠢᠳᠠᠪᠤᠷᠢ ᠪᠣᠯᠣᠨ ᠬᠢᠷᠢ ᠲᠥᠪᠰᠢᠨ ᠢ ᠨᠢ ᠳᠡᠭᠡᠭᠰᠢᠯᠡᠭᠦᠯᠬᠦ ᠪᠠᠷ ᠭᠤᠣᠯ ᠪᠣᠯᠭᠠᠨ᠂ ᠠᠰᠠᠭᠤᠳᠠᠯ᠂ ᠬᠠᠷᠠᠯᠲᠠ ᠪᠣᠯᠣᠨ ᠦᠷ᠎ᠡ ᠳ᠋ᠦᠩ ᠦᠢᠯᠡᠳᠦᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠣᠨ ᠪᠠᠭᠤᠷᠠᠢ ᠭᠤᠭᠴᠤᠭ᠎ᠠ ᠶᠢ ᠭᠤᠣᠯᠳᠠᠭᠤᠯᠤᠨ ᠠᠩᠬᠠᠷᠴᠤ᠂ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠨ᠂ ᠰᠢᠪᠲᠤᠯᠤᠯᠲᠠ ᠲᠠᠢ ᠪᠠᠶᠢᠯᠭᠠᠵᠤ᠂ ᠵᠢᠱᠢᠶ᠎ᠡ ᠳᠠᠭᠤᠷᠢᠶᠠᠯ ᠢ ᠪᠣᠢ ᠪᠣᠯᠭᠠᠨ᠂ ᠡᠭᠦᠨ ᠤ ᠤᠯᠠᠮ ᠢᠶᠠᠷ ᠪᠦᠬᠦ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠤᠨ ᠢᠯᠡᠳᠲᠡ ᠰᠠᠶᠢᠵᠢᠷᠠᠬᠤ ᠶᠢ ᠳᠠᠶᠢᠴᠢᠯᠠᠨ᠂ 3 ᠵᠢᠯ ᠣᠷᠴᠢᠮ ᠤᠨ ᠴᠢᠷᠮᠠᠶᠢᠯᠭ᠎ᠠ ᠪᠠᠷ ᠳᠠᠮᠵᠢᠭᠤᠯᠵᠤ᠂ ᠪᠦᠬᠦ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠤᠯᠤᠰ ᠤᠨ ᠲᠣᠳᠤᠭᠠᠲᠤ ᠶᠢᠨ ᠠᠵᠤ ᠠᠬᠤᠢ ᠬᠥᠭᠵᠢᠭᠰᠡᠨ ᠭᠠᠵᠠᠷ ᠣᠷᠣᠨ ᠤ ᠬᠢᠷᠢ ᠲᠥᠪᠰᠢᠨ ᠳᠤ ᠬᠦᠷᠦᠭᠦᠯᠬᠦ ᠪᠠᠷ ᠴᠢᠷᠮᠠᠶᠢᠨ ᠲᠡᠮᠡᠴᠡᠨ᠎ᠡ᠃      ᠬᠤᠶᠠᠷ᠂ ᠭᠤᠣᠯ ᠡᠭᠦᠷᠭᠡ      ᠳᠡᠯᠡᠬᠡᠢ ᠶᠢᠨ ᠪᠠᠩᠭᠢ ᠶᠢᠨ ︽ᠪᠦᠬᠦ ᠪᠦᠮᠪᠦᠷᠴᠡᠭ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠤᠨ ᠮᠡᠳᠡᠭᠦᠯᠦᠯᠲᠡ︾ ᠳᠠᠬᠢ ᠦᠨᠡᠯᠡᠯᠲᠡ ᠶᠢᠨ ᠭᠤᠣᠯ ᠭᠦᠢᠴᠡᠳᠭᠡᠯ ᠲᠤᠭ᠎ᠠ ᠪᠠᠷ ᠪᠠᠷᠢᠮᠵᠢᠶᠠᠲᠤ ᠱᠠᠭᠠᠷᠳᠠᠯᠭ᠎ᠠ ᠪᠣᠯᠭᠠᠵᠤ᠂ ᠣᠷᠤᠰᠢᠵᠤ ᠪᠠᠶᠢᠭ᠎ᠠ ᠵᠦᠷᠢᠶ᠎ᠡ ᠪᠣᠯᠣᠨ ᠠᠰᠠᠭᠤᠳᠠᠯ ᠳᠤ ᠴᠢᠭᠯᠡᠭᠦᠯᠦᠨ᠂ ᠭᠤᠭᠴᠤᠭ᠎ᠠ ᠶᠢ ᠳᠦᠭᠦᠮᠴᠢᠯᠡᠬᠦ᠂ ᠴᠠᠭ ᠢ ᠪᠤᠭᠤᠨᠢᠰᠬᠠᠬᠤ᠂ ᠵᠠᠷᠤᠳᠠᠯ ᠢ ᠪᠠᠭᠠᠰᠬᠠᠬᠤ᠂ ᠴᠤᠪᠤᠷᠠᠯ ᠢ ᠰᠢᠯᠢᠳᠡᠭᠵᠢᠭᠦᠯᠬᠦ᠂ ᠢᠯᠡ ᠲᠣᠳᠣ ᠪᠠᠶᠢᠬᠤ ᠬᠡᠮᠵᠢᠶ᠎ᠡ ᠶᠢ ᠨᠡᠮᠡᠭᠳᠡᠭᠦᠯᠬᠦ ᠵᠠᠷᠴᠢᠮ ᠢᠶᠠᠷ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠬᠦᠴᠦᠲᠡᠢ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠬᠡᠷᠡᠭ ᠭᠦᠢᠴᠡᠳᠭᠡᠵᠦ ᠦᠢᠯᠡᠰ ᠴᠤᠭᠴᠠᠯᠠᠬᠤ ᠶᠢ ᠨᠢ ᠬᠦᠯᠢᠶᠡᠰᠦᠯᠡᠵᠦ ᠪᠦᠬᠦᠢ ᠪᠠᠶᠢᠭᠤᠯᠤᠯ ᠲᠣᠭᠲᠠᠴᠠ ᠶᠢᠨ ᠰᠠᠭᠠᠳ ᠬᠠᠷᠰᠢ ᠶᠢ ᠤᠯᠠᠮ ᠨᠢᠭᠡ ᠠᠯᠬᠤᠮ ᠠᠷᠢᠯᠭᠠᠨ᠂ ᠡᠯ᠎ᠡ ᠲᠦᠷᠦᠯ ᠤᠨ ᠳᠦᠷᠢᠮ ᠤᠨ ᠴᠢᠨᠠᠷᠲᠠᠢ ᠠᠷᠠᠯᠵᠢᠶᠠᠯᠠᠬᠤ ᠦᠪᠡᠷ ᠤᠨ ᠥᠷᠲᠡᠭ ᠢ ᠨᠢ ᠪᠠᠭᠤᠷᠠᠭᠤᠯᠵᠤ᠂ ᠵᠠᠰᠠᠭ ᠤᠨ ᠣᠷᠳᠣᠨ ᠤ ᠦᠢᠯᠡᠴᠢᠯᠡᠭᠡᠨ ᠤ ᠦᠢᠯᠡᠳᠦᠯ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠨ᠂ ᠠᠵᠢᠯ ᠣᠯᠭᠤᠵᠣ ᠦᠢᠯᠡᠰ ᠴᠤᠭᠴᠠᠯᠠᠬᠤ ᠶᠢ ᠠᠬᠢᠭᠤᠯᠬᠤ ᠳᠤ ᠪᠠᠷᠢᠮᠵᠢᠶ᠎ᠠ ᠱᠠᠭᠠᠷᠳᠠᠯᠭ᠎ᠠ ᠶᠢ ᠨᠢ ᠳᠤᠷᠤᠭᠰᠢᠯᠠᠭᠤᠯᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠳᠠᠷᠤᠭᠠᠰᠤ ᠶᠢ ᠨᠢ ᠬᠦᠩᠭᠡᠯᠡᠨ᠂ ᠪᠦᠲᠦᠮᠵᠢᠲᠡᠢ ᠪᠡᠯᠡ ᠣᠷᠤᠭᠤᠯᠤᠯᠲᠠ ᠶᠢ ᠬᠥᠭᠵᠢᠭᠡᠬᠦ ᠣᠷᠣᠨ ᠵᠠᠢ ᠶᠢ ᠨᠢ ᠥᠷᠭᠡᠳᠭᠡᠵᠦ᠂ ᠡᠷᠬᠡ ᠲᠡᠭᠰᠢ ᠪᠠᠷ ᠡᠵᠡᠩᠨᠡᠨ ᠬᠤᠳᠠᠯᠳᠤᠭᠠᠯᠠᠬᠤ ᠳᠤ ᠨᠦᠬᠦᠴᠡᠯ ᠡᠭᠦᠳᠦᠨ ᠥᠭᠴᠦ᠂ ᠣᠯᠠᠨ ᠲᠦᠮᠡᠨ ᠤ ᠠᠵᠢᠯᠯᠠᠵᠤ ᠠᠮᠢᠳᠤᠷᠠᠬᠤ ᠳᠤ ᠢᠯᠡᠭᠦᠬᠡᠨ ᠳᠦᠭᠦᠮ ᠨᠦᠬᠦᠴᠡᠯ ᠬᠠᠨᠭ᠍ᠭᠠᠨ᠎ᠠ᠃      ︵ᠨᠢᠭᠡ︶ ᠠᠵᠤ ᠠᠬᠤᠶᠢᠯᠠᠯ ᠡᠷᠬᠢᠯᠡᠨ ᠪᠠᠶᠢᠭᠤᠯᠬᠤ ᠳᠤ ᠳᠦᠭᠦᠮ ᠦᠵᠡᠭᠦᠯᠦᠨ᠎ᠡ᠃      1. ᠠᠵᠤ ᠠᠬᠤᠶᠢᠯᠠᠯ ᠤᠨ ᠳᠠᠩᠰᠠᠯᠠᠨ ᠲᠡᠮᠲᠡᠭᠯᠡᠬᠦ ᠳᠡᠰ ᠳᠠᠷᠠᠭᠠᠯᠠᠯ ᠢ ᠳᠦᠭᠦᠮ ᠠᠪᠰᠠᠷᠬᠠᠨ ᠪᠣᠯᠭᠠᠨ᠎ᠠ᠃ ᠤᠯᠤᠰ ᠤᠨ ᠱᠠᠭᠠᠷᠳᠠᠯᠭ᠎ᠠ ᠶᠤᠰᠤᠭᠠᠷ᠂ ︽ᠭᠡᠷᠡᠴᠢ ᠪᠠ ᠦᠨᠡᠮᠯᠡᠯ ᠢ ᠰᠠᠯᠭᠠᠬᠤ︾ ᠦᠭᠡᠷᠡᠴᠢᠯᠡᠯᠲᠡ ᠶᠢᠨ ᠠᠵᠢᠯ ᠢ ᠭᠦᠨᠵᠡᠭᠡᠢ ᠬᠡᠷᠡᠭᠵᠢᠭᠦᠯᠵᠦ᠂ ︽ᠵᠥᠪᠰᠢᠶᠡᠷᠡᠨ ᠣᠷᠤᠭᠤᠯᠤᠭᠰᠠᠨ ᠪᠣᠯᠪᠠᠴᠤ ᠡᠵᠡᠩᠨᠡᠬᠦ ᠶᠢ ᠵᠥᠪᠰᠢᠶᠡᠷᠡᠬᠦ ᠦᠭᠡᠢ︾ ᠠᠰᠠᠭᠤᠳᠠᠯ ᠢ ᠰᠢᠢᠳᠪᠦᠷᠢᠯᠡᠨ᠎ᠡ᠃ ᠠᠵᠤ ᠠᠬᠤᠶᠢᠯᠠᠯ ᠤᠨ ᠨᠡᠷᠡᠶᠢᠳᠦᠯ ᠤᠨ ᠳᠠᠩᠰᠠᠯᠠᠨ ᠲᠡᠮᠲᠡᠭᠯᠡᠬᠦ ᠬᠠᠮᠢᠶᠠᠷᠤᠯᠲᠠ ᠶᠢᠨ ᠦᠭᠡᠷᠡᠴᠢᠯᠡᠯᠲᠡ ᠶᠢ ᠠᠬᠢᠭᠤᠯᠵᠤ᠂ ᠠᠵᠤ ᠠᠬᠤᠶᠢᠯᠠᠯ ᠤᠨ ᠨᠡᠷᠡᠶᠢᠳᠦᠯ ᠢᠶᠠᠨ ᠡᠵᠡ ᠮᠡᠳᠡᠵᠦ ᠭᠤᠶᠤᠴᠢᠯᠠᠨ ᠮᠡᠳᠡᠭᠦᠯᠬᠦ ᠬᠡᠪᠴᠢᠶ᠎ᠡ ᠶᠢ ᠥᠷᠭᠡᠳᠭᠡᠨ᠂ ᠤᠷᠢᠳᠠᠴᠢ ᠬᠢᠨᠠᠨ ᠵᠥᠪᠰᠢᠶᠡᠷᠡᠬᠦ ᠵᠦᠢᠯᠡᠰ ᠪᠤᠶᠤ ᠠᠵᠤ ᠠᠬᠤᠶᠢᠯᠠᠯ ᠤᠨ ᠨᠡᠷᠡᠶᠢᠳᠦᠯ ᠢ ᠬᠠᠷᠭᠤᠭᠤᠯᠤᠨ ᠵᠥᠪᠰᠢᠶᠡᠷᠡᠬᠦ ᠳᠤ ᠬᠤᠯᠪᠣᠭᠳᠠᠭᠰᠠᠨ ᠪᠠ ᠠᠵᠤ ᠠᠬᠤᠶᠢᠯᠠᠯ ᠤᠨ ᠪᠠᠶᠢᠭᠤᠯᠵᠤ ᠳᠠᠩᠰᠠᠯᠠᠨ ᠲᠡᠮᠲᠡᠭᠯᠡᠬᠦ ᠨᠢ ᠨᠢᠭᠡ ᠯᠡ ᠪᠠᠶᠢᠭᠤᠯᠭ᠎ᠠ ᠳᠤ ᠭᠦᠢᠴᠡᠳᠭᠡᠬᠦ ᠦᠭᠡᠢ ᠪᠠᠶᠢᠳᠠᠯ ᠠᠴᠠ ᠭᠠᠳᠠᠨ᠎ᠠ᠂ ᠠᠵᠤ ᠠᠬᠤᠶᠢᠯᠠᠯ ᠤᠨ ᠨᠡᠷᠡᠶᠢᠳᠦᠯ ᠢ ᠤᠷᠢᠳ ᠢᠶᠠᠷ ᠬᠠᠷᠭᠤᠭᠤᠯᠤᠨ ᠵᠥᠪᠰᠢᠶᠡᠷᠡᠭᠦᠯᠬᠦ ᠤᠴᠢᠷ ᠦᠭᠡᠢ᠂ ᠭᠤᠶᠤᠴᠢᠯᠠᠭᠴᠢ ᠠᠴᠠ ᠠᠵᠤ ᠠᠬᠤᠶᠢᠯᠠᠯ ᠤᠨ ᠳᠠᠩᠰᠠᠯᠠᠨ ᠲᠡᠮᠲᠡᠭᠯᠡᠬᠦ ᠶᠢ ᠭᠦᠢᠴᠡᠳᠭᠡᠯᠭᠡᠬᠦ ᠳᠤ ᠪᠠᠨ᠂ ᠡᠵᠡ ᠮᠡᠳᠡᠵᠦ ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠤᠨ ᠨᠡᠷᠡᠶᠢᠳᠦᠯ ᠢᠶᠠᠷ ᠢᠶᠠᠨ ᠵᠡᠷᠭᠡ ᠳᠤ ᠨᠢ ᠭᠦᠢᠴᠡᠳᠭᠡᠯᠭᠡᠵᠦ ᠪᠣᠯᠣᠨ᠎ᠠ᠃ ᠮᠠᠨ ᠤ ᠣᠷᠣᠨ ᠤ ᠠᠵᠤ ᠠᠬᠤᠶᠢᠯᠠᠯ ᠤᠨ ᠪᠠᠶᠢᠭᠤᠯᠵᠤ ᠳᠠᠩᠰᠠᠯᠠᠨ ᠲᠡᠮᠲᠡᠭᠯᠡᠭᠦᠯᠬᠦ ᠂ ᠲᠠᠮᠠᠭ᠎ᠠ ᠰᠡᠶᠢᠯᠦᠨ ᠵᠣᠬᠢᠶᠠᠬᠤ᠂ ᠪᠠᠷᠢᠮᠲᠠ ᠭᠤᠶᠤᠴᠢᠯᠠᠨ ᠠᠪᠬᠤ ᠭᠤᠷᠪᠠᠨ ᠭᠤᠭᠴᠤᠭᠠᠨ ᠳᠠᠬᠢ ᠭᠦᠢᠴᠡᠳᠭᠡᠬᠦ ᠴᠠᠭ ᠢ ᠨᠢ 5 ᠠᠵᠢᠯᠯᠠᠬᠤ ᠡᠳᠦᠷ ᠲᠤ ᠳᠠᠭᠤᠰᠬᠠᠬᠤ ᠪᠠᠷ ᠪᠤᠭᠤᠨᠢᠰᠬᠠᠨ᠎ᠠ᠃      2. ᠳᠠᠩᠰᠠᠯᠠᠨ ᠲᠡᠮᠲᠡᠭᠯᠡᠬᠦ ᠶᠢ ᠳᠦᠭᠦᠮ ᠠᠪᠰᠠᠷᠬᠠᠨ ᠪᠣᠯᠭᠠᠬᠤ ᠦᠭᠡᠷᠡᠴᠢᠯᠡᠯᠲᠡ ᠶᠢ ᠠᠬᠢᠭᠤᠯᠤᠨ᠎ᠠ᠃ ᠰᠦᠯᠵᠢᠶ᠎ᠡ ᠪᠠᠷ ᠠᠵᠢᠯ ᠬᠡᠷᠡᠭ ᠭᠦᠢᠴᠡᠳᠭᠡᠬᠦ ᠶᠢ ᠬᠦᠴᠦᠲᠡᠢ ᠠᠬᠢᠭᠤᠯᠵᠤ᠂ ᠠᠵᠤ ᠠᠬᠤᠶᠢᠯᠠᠯ ᠤᠨ ᠳᠠᠩᠰᠠᠯᠠᠵᠤ ᠲᠡᠮᠲᠡᠭᠯᠡᠬᠦ ᠮᠡᠳᠡᠭᠡ ᠵᠠᠩᠬᠢᠵᠢᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠳᠠᠩᠰᠠᠯᠠᠨ ᠲᠡᠮᠲᠡᠭᠯᠡᠭᠦᠯᠬᠦ ᠵᠦᠢᠯᠡᠰ ᠤᠨ ᠪᠦᠬᠦ ᠶᠠᠪᠤᠴᠠ ᠶᠢ ᠡᠯᠧᠺᠲᠷᠣᠨᠵᠢᠭᠦᠯᠬᠦ ᠪᠣᠯᠭᠠᠨ᠎ᠠ᠃ ᠪᠦᠬᠦ ᠣᠷᠣᠨ ᠤ ᠨᠢᠭᠡᠲᠦᠯᠲᠡᠢ ᠡᠯᠧᠺᠲᠷᠣᠨ ᠡᠵᠡᠩᠨᠡᠯᠲᠡ ᠶᠢᠨ ᠦᠨᠡᠮᠯᠡᠯ ᠤᠨ ᠬᠦᠮᠦᠷᠭᠡ ᠶᠢ ᠪᠠᠶᠢᠭᠤᠯᠵᠤ᠂ ᠡᠯᠧᠺᠲᠷᠣᠨ ᠡᠵᠡᠩᠨᠡᠯᠲᠡ ᠶᠢᠨ ᠦᠨᠡᠮᠯᠡᠯ ᠢ ᠣᠷᠣᠨ ᠪᠦᠰᠡ ᠬᠦᠷᠢᠶ᠎ᠡ ᠴᠠᠷᠠᠭ᠎ᠠ ᠲᠣᠬᠠᠶᠢᠯᠠᠭᠰᠠᠨ ᠠᠵᠢᠯ ᠠᠯᠤᠰᠯᠠᠨ ᠬᠡᠷᠡᠭᠯᠡᠬᠦ ᠶᠢ ᠠᠬᠢᠭᠤᠯᠤᠨ᠎ᠠ᠃ ᠠᠵᠤ ᠠᠬᠤᠶᠢᠯᠠᠯ ᠤᠨ ᠪᠠᠶᠢᠭᠤᠯᠵᠤ ᠳᠠᠩᠰᠠᠯᠠᠨ ᠲᠡᠮᠲᠡᠭᠯᠡᠬᠦ ᠠᠵᠢᠯ ᠤᠨ ᠭᠦᠢᠴᠡᠳᠭᠡᠬᠦ ᠴᠠᠭ ᠢ ᠨᠢ 3 ᠠᠵᠢᠯᠯᠠᠬᠤ ᠡᠳᠦᠷ ᠲᠤ ᠳᠠᠭᠤᠰᠬᠠᠬᠤ ᠪᠠᠷ ᠪᠤᠭᠤᠨᠢᠰᠬᠠᠨ᠎ᠠ᠃      3. ᠠᠯᠪᠠᠨ ᠤ ᠲᠠᠮᠠᠭ᠎ᠠ ᠰᠡᠶᠢᠯᠦᠨ ᠵᠣᠬᠢᠶᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠯᠪᠠᠨ ᠤ ᠲᠠᠮᠠᠭ᠎ᠠ ᠰᠡᠶᠢᠯᠦᠨ ᠵᠣᠬᠢᠶᠠᠵᠤ ᠪᠦᠷᠢᠳᠭᠡᠨ ᠲᠠᠩᠰᠠᠯᠠᠬᠤ ᠠᠵᠢᠯ ᠢ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾ ᠵᠦᠢᠯᠡᠰ ᠲᠤ ᠣᠷᠤᠭᠤᠯᠵᠤ᠂ ᠭᠤᠶᠤᠴᠢᠯᠠᠭᠴᠢ ᠨᠢ ᠠᠯᠪᠠᠨ ᠤ ᠲᠠᠮᠠᠭ᠎ᠠ ᠰᠡᠶᠢᠯᠦᠨ ᠵᠣᠬᠢᠶᠠᠬᠤ ᠨᠢᠭᠡᠴᠢ ᠶᠢ ᠦᠪᠡᠰᠦᠪᠡᠨ ᠰᠤᠩᠭᠤᠵᠤ ᠪᠣᠯᠣᠨ᠎ᠠ᠃ ᠠᠯᠪᠠᠨ ᠤ ᠲᠠᠮᠠᠭ᠎ᠠ ᠶᠢᠨ ᠰᠡᠶᠢᠯᠦᠨ ᠵᠣᠬᠢᠶᠠᠭᠰᠠᠨ ᠳᠠᠷᠤᠢ ᠳᠤ ᠨᠢ ᠠᠶᠠᠨᠳᠠᠭᠠᠨ ᠪᠦᠷᠢᠳᠭᠡᠨ ᠳᠠᠩᠰᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠪᠦᠬᠦ ᠣᠷᠣᠨ ᠤ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠩᠬᠢᠮ ᠳᠤ ᠠᠯᠪᠠᠨ ᠤ ᠲᠠᠮᠠᠭ᠎ᠠ ᠰᠡᠶᠢᠯᠦᠨ ᠵᠣᠬᠢᠶᠠᠬᠤ ᠴᠤᠩᠬᠤᠪᠴᠢ ᠶᠢ ᠲᠣᠬᠢᠷᠠᠭᠤᠯᠤᠨ ᠪᠠᠶᠢᠭᠤᠯᠵᠤ᠂ 1 ᠠᠵᠢᠯᠯᠠᠬᠤ ᠡᠳᠦᠷ ᠤᠨ ᠲᠤᠳᠤᠷ᠎ᠠ ᠠᠯᠪᠠᠨ ᠤ ᠲᠠᠮᠠᠭ᠎ᠠ ᠶᠢ ᠰᠡᠶᠢᠯᠦᠨ ᠵᠣᠬᠢᠶᠠᠵᠤ ᠳᠠᠭᠤᠰᠬᠠᠬᠤ ᠬᠡᠷᠡᠭᠲᠡᠢ᠃      4. ᠭᠠᠶᠢᠯᠢ ᠳᠤ ᠬᠤᠯᠪᠣᠭᠳᠠᠭᠰᠠᠨ ᠵᠦᠢᠯᠡᠰ ᠢ ᠭᠦᠢᠴᠡᠳᠭᠡᠬᠦ ᠴᠤᠪᠤᠷᠠᠯ ᠢ ᠨᠢ ᠰᠢᠯᠢᠳᠡᠭᠵᠢᠭᠦᠯᠦᠨ᠎ᠡ᠃ ᠠᠵᠤ ᠠᠬᠤᠶᠢᠯᠠᠯ ᠤᠨ ᠡᠷᠬᠢᠯᠡᠨ ᠪᠠᠶᠢᠭᠤᠯᠬᠤ ᠳᠤ ᠬᠤᠯᠪᠣᠭᠳᠠᠭᠰᠠᠨ ᠵᠦᠢᠯᠡᠰ ᠢ ᠨᠢᠭᠡ ᠯᠡ ᠴᠤᠩᠬᠤᠪᠴᠢ ᠪᠠᠷ ᠬᠦᠯᠢᠶᠡᠨ ᠠᠪᠴᠤ ᠭᠦᠢᠴᠡᠳᠭᠡᠬᠦ ᠶᠢ ᠬᠡᠷᠡᠭᠵᠢᠭᠦᠯᠵᠦ᠂ ᠨᠡᠶᠢᠭᠡᠮ ᠤᠨ ᠢᠲᠡᠭᠡᠮᠵᠢ ᠶᠢᠨ ᠨᠢᠭᠡᠲᠦᠯᠲᠡᠢ ᠣᠷᠤᠯᠠᠬᠤ ᠨᠣᠮᠧᠷ ᠬᠠᠳᠠᠭᠰᠠᠨ ᠡᠵᠡᠩᠨᠡᠯᠲᠡ ᠶᠢᠨ ᠦᠨᠡᠮᠯᠡᠯ ᠢᠶᠠᠨ ᠳᠠᠩᠰᠠᠯᠠᠨ ᠲᠡᠮᠲᠡᠭᠯᠡᠭᠰᠡᠨ ᠪᠠᠶᠢᠭᠤᠯᠭ᠎ᠠ ᠠᠴᠠ ᠨᠢᠭᠡᠨᠲᠡ ᠬᠦᠯᠢᠶᠡᠵᠦ ᠠᠪᠤᠭᠰᠠᠨ ᠠᠵᠤ ᠠᠬᠤᠶᠢᠯᠠᠯ ᠳᠤ ᠂ ᠭᠠᠶᠢᠯᠢ ᠶᠢᠨ ᠶᠠᠪᠤᠳᠠᠯ ᠤᠨ ᠳᠠᠩᠰᠠᠯᠠᠨ ᠲᠡᠮᠲᠡᠭᠯᠡᠬᠦ ᠠᠵᠢᠯ ᠢ ᠳᠠᠬᠢᠵᠤ ᠲᠤᠰᠠᠭᠠᠷ ᠭᠦᠢᠴᠡᠳᠭᠡᠬᠦ ᠦᠭᠡᠢ᠂ ᠨᠡᠶᠢᠭᠡᠮ ᠤᠨ ᠢᠲᠡᠭᠡᠮᠵᠢ ᠶᠢᠨ ᠨᠢᠭᠡᠲᠦᠯᠲᠡᠢ ᠣᠷᠤᠯᠠᠬᠤ ᠨᠣᠮᠧᠷ ᠢᠶᠠᠷ ᠳᠠᠩᠰᠠᠯᠠᠨ ᠲᠡᠮᠲᠡᠭᠯᠡᠵᠦ ᠬᠠᠮᠢᠶᠠᠷᠤᠨ᠎ᠠ᠃ ᠪᠠᠷᠢᠮᠲᠠ ᠭᠤᠶᠤᠴᠢᠯᠠᠨ ᠠᠪᠬᠤ ᠳᠡᠰ ᠳᠠᠷᠠᠭᠠᠯᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠠᠷᠢᠮᠲᠠ ᠭᠤᠶᠤᠴᠢᠯᠠᠨ ᠠᠪᠬᠤ ᠴᠠᠭ ᠢ ᠪᠤᠭᠤᠨᠢᠰᠬᠠᠨ᠎ᠠ᠃ ᠰᠢᠨ᠎ᠡ ᠪᠠᠷ ᠡᠷᠬᠢᠯᠡᠨ ᠪᠠᠶᠢᠭᠤᠯᠤᠭᠰᠠᠨ ᠠᠵᠤ ᠠᠬᠤᠶᠢᠯᠠᠯ ᠤᠨ ᠠᠩᠬᠠᠳᠤᠭᠠᠷ ᠤᠳᠠᠭ᠎ᠠ ᠪᠠᠷᠢᠮᠲᠠ ᠭᠤᠶᠤᠴᠢᠯᠠᠨ ᠠᠪᠬᠤ ᠳᠤ ᠭᠦᠢᠴᠡᠳᠭᠡᠬᠦ ᠴᠠᠭ ᠢ ᠨᠢ 1 ᠠᠵᠢᠯᠯᠠᠬᠤ ᠡᠳᠦᠷ ᠤᠨ ᠲᠤᠳᠤᠷ᠎ᠠ ᠳᠠᠭᠤᠰᠬᠠᠬᠤ ᠪᠠᠷ ᠪᠤᠭᠤᠨᠢᠰᠬᠠᠨ᠎ᠠ᠃      ︵ᠬᠤᠶᠠᠷ︶ ᠪᠠᠷᠢᠯᠭ᠎ᠠ ᠶᠢᠨ ᠵᠥᠪᠰᠢᠶᠡᠷᠡᠯ ᠤᠨ ᠭᠦᠢᠴᠡᠳᠭᠡᠬᠦ ᠶᠠᠪᠤᠴᠠ ᠶᠢ ᠳᠦᠭᠦᠮᠴᠢᠯᠡᠨ᠎ᠡ᠃      1. ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠲᠦᠷᠦᠯ ᠬᠤᠪᠢᠶᠠᠨ ᠬᠠᠮᠢᠶᠠᠷᠤᠨ᠎ᠠ᠃ ᠨᠢᠭᠡᠳᠦᠭᠡᠷ ᠲᠦᠷᠦᠯ᠄ ᠲᠤᠳᠤᠭᠠᠲᠤ ᠳᠠᠬᠢ ᠦᠭᠡᠷᠡᠴᠢᠯᠡᠨ ᠰᠢᠨᠡᠳᠭᠡᠬᠦ ᠲᠦᠷᠦᠯ ᠵᠦᠢᠯ ᠪᠣᠯᠣᠨ᠎ᠠ᠂ ᠡᠭᠦᠨ ᠳᠤ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠢ ᠰᠢᠭᠤᠳ ᠭᠦᠢᠴᠡᠳᠭᠡᠵᠦ ᠪᠣᠯᠣᠨ᠎ᠠ᠃ ᠬᠤᠶᠠᠳᠤᠭᠠᠷ ᠲᠦᠷᠦᠯ᠄ ᠣᠳᠤ ᠶᠢᠨ ᠪᠠᠶᠢᠳᠠᠯ ᠢ ᠦᠭᠡᠷᠡᠴᠢᠯᠡᠨ ᠪᠠᠶᠢᠭᠤᠯᠬᠤ ᠲᠦᠷᠦᠯ ᠵᠦᠢᠯ ᠪᠣᠯᠣᠨ᠎ᠠ᠂ ᠡᠭᠦᠨ ᠳᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠦᠰᠦᠯ ᠢ ᠬᠢᠨᠠᠨ ᠪᠠᠶᠢᠴᠠᠭᠠᠭᠰᠠᠨ ᠤ ᠳᠠᠷᠠᠭ᠎ᠠ᠂ ᠪᠦᠲᠦᠭᠡᠨ ᠪᠠᠶᠢᠭᠤᠯᠬᠤ ᠪᠠᠷᠢᠯᠭ᠎ᠠ ᠶᠢᠨ ᠲᠦᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠰᠢᠭᠤᠳ ᠭᠦᠢᠴᠡᠳᠭᠡᠵᠦ ᠪᠣᠯᠣᠨ᠎ᠠ᠃ ᠭᠤᠷᠪᠠᠳᠤᠭᠠᠷ ᠲᠦᠷᠦᠯ᠄ ᠰᠢᠨ᠎ᠡ ᠪᠠᠷ ᠪᠠᠶᠢᠭᠤᠯᠬᠤ ᠪᠠ ᠥᠷᠭᠡᠳᠭᠡᠨ ᠪᠠᠶᠢᠭᠤᠯᠬᠤ ᠲᠦᠷᠦᠯ ᠵᠦᠢᠯ ᠪᠣᠯᠣᠨ᠎ᠠ᠂ ᠡᠭᠦᠨ ᠳᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠬᠢᠮᠳᠠ ᠦᠨ᠎ᠡ ᠪᠠᠷ ᠬᠤᠳᠠᠯᠳᠤᠬᠤ ᠭᠡᠷ᠎ᠡ ᠲᠣᠭᠲᠠᠵᠤ᠂ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠦᠰᠦᠯ ᠢ ᠬᠢᠨᠠᠨ ᠪᠠᠶᠢᠴᠠᠭᠠᠭᠰᠠᠨ ᠤ ᠳᠠᠷᠠᠭ᠎ᠠ᠂ ᠪᠦᠲᠦᠭᠡᠨ ᠪᠠᠶᠢᠭᠤᠯᠬᠤ ᠪᠠᠷᠢᠯᠭ᠎ᠠ ᠶᠢᠨ ᠲᠦᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠢ ᠭᠦᠢᠴᠡᠳᠭᠡᠨ᠎ᠡ᠃      2. ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠢᠨᠲ᠋ᠧᠷ ᠰᠦᠯᠵᠢᠶ᠎ᠡ ᠯᠦᠭᠡ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠤᠨ᠎ᠠ᠃ ᠪᠡᠯᠡ ᠣᠷᠤᠭᠤᠯᠤᠯᠲᠠ ᠶᠢᠨ ᠲᠦᠷᠦᠯ ᠵᠦᠢᠯ ᠢ ᠰᠦᠯᠵᠢᠶ᠎ᠡ ᠪᠠᠷ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ ᠲᠠᠪᠴᠠᠩ ᠳᠤ ᠲᠦᠰᠢᠭᠯᠡᠵᠦ᠂ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠰᠦᠯᠵᠢᠶ᠎ᠡ ᠪᠠᠷ ᠬᠢᠨᠠᠨ ᠵᠥᠪᠰᠢᠶᠡᠷᠡᠬᠦ ᠶᠢᠨ ᠬᠠᠮᠤᠷᠬᠤ ᠨᠤᠷᠮ᠎ᠠ ᠶᠢ ᠠᠯᠬᠤᠮ ᠠᠯᠬᠤᠮ ᠢᠶᠠᠷ ᠥᠷᠭᠡᠳᠭᠡᠨ᠎ᠡ᠃ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠣᠬᠠᠶᠢᠯᠠᠭᠰᠠᠨ ᠠᠵᠢᠯ ᠳᠠᠬᠢ ᠡᠯᠧᠺᠲᠷᠣᠨ ᠲᠠᠮᠠᠭ᠎ᠠ ᠲᠠᠷᠤᠬᠤ ᠮᠡᠷᠭᠡᠵᠢᠯ ᠤᠨ ᠬᠡᠷᠡᠭᠯᠡᠭᠡᠨ ᠢ ᠠᠬᠢᠭᠤᠯᠵᠤ᠂ ᠲᠦᠷᠦᠯ ᠵᠦᠢᠯ ᠢ ᠬᠢᠨᠠᠨ ᠵᠥᠪᠰᠢᠶᠡᠷᠡᠬᠦ ᠪᠠ ᠪᠦᠲᠦᠭᠡᠨ ᠪᠠᠶᠢᠭᠤᠯᠬᠤ ᠪᠦᠬᠦ ᠶᠠᠪᠤᠴᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠵᠤ᠂ ᠬᠢᠨᠠᠨ ᠵᠥᠪᠰᠢᠶᠡᠷᠡᠬᠦ ᠴᠠᠭ ᠢ ᠬᠠᠭᠠᠰ ᠢᠶᠠᠷ ᠪᠠᠭᠠᠰᠬᠠᠬᠤ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃      3. ᠬᠢᠨᠠᠨ ᠵᠥᠪᠰᠢᠶᠡᠷᠡᠬᠦ ᠶᠢᠨ ᠤᠷᠢᠳᠠᠴᠢ ᠨᠦᠬᠦᠴᠡᠯ ᠢ ᠴᠤᠮᠬᠠᠳᠬᠠᠨ᠎ᠠ᠃ ᠨᠡᠶᠢᠭᠡᠮ ᠤᠨ ᠬᠢᠨ ᠤ ᠣᠷᠤᠭᠤᠯᠤᠯᠲᠠ ᠬᠢᠭᠰᠡᠨ ᠭᠡᠷ ᠪᠠᠶᠢᠰᠢᠩ ᠤᠨ ᠪᠠᠷᠢᠯᠭ᠎ᠠ ᠶᠢᠨ ᠳᠠᠭᠠᠭᠠᠴᠢᠯᠠᠭᠤᠯᠬᠤ ᠠᠷᠭ᠎ᠠ ᠬᠡᠯᠪᠡᠷᠢ ᠶᠢ ᠪᠦᠲᠦᠭᠡᠨ ᠪᠠᠶᠢᠭᠤᠯᠬᠤ ᠨᠢᠭᠡᠴᠢ ᠨᠢ ᠡᠵᠡ ᠮᠡᠳᠡᠨ ᠲᠣᠭᠲᠠᠭᠠᠵᠤ᠂ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ ᠶᠢ ᠳᠠᠬᠢᠵᠤ ᠠᠯᠪᠠ ᠪᠠᠷ ᠶᠠᠪᠤᠭᠳᠠᠭᠤᠯᠬᠤ ᠦᠭᠡᠢ᠃ ᠪᠦᠲᠦᠭᠡᠨ ᠪᠠᠶᠢᠭᠤᠯᠬᠤ ᠨᠢᠭᠡᠴᠢ ᠶᠢᠨ ᠬᠢᠨ ᠤ ᠪᠡᠯᠡ ᠮᠦᠩᠭᠦᠨ ᠤ ᠪᠠᠲᠤᠯᠠᠭ᠎ᠠ ᠶᠢᠨ ᠪᠢᠴᠢᠭ ᠪᠣᠶᠣ ᠪᠡᠯᠡ ᠮᠦᠩᠭᠦ ᠨᠢ ᠪᠦᠷᠢᠳᠦᠭᠰᠡᠨ ᠭᠡᠷᠡᠴᠢ ᠭᠦᠢᠴᠡᠳᠭᠡᠬᠦ ᠶᠢ ᠬᠦᠴᠦᠨ ᠦᠭᠡᠢ ᠪᠣᠯᠭᠠᠨ᠎ᠠ᠃ ᠡᠯ᠎ᠡ ᠲᠦᠷᠦᠯ ᠤᠨ ᠬᠢᠨᠠᠨ ᠵᠥᠪᠰᠢᠶᠡᠷᠡᠯ ᠤᠨ ᠤᠷᠢᠳᠠᠴᠢ ᠨᠦᠬᠦᠴᠡᠯ ᠪᠣᠯᠣᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠳᠤ ᠵᠠᠷᠴᠢᠮ ᠤᠨ ᠲᠠᠯ᠎ᠠ ᠪᠠᠷ ︽ᠰᠠᠭᠤᠷᠢ ᠠᠴᠠ ᠨᠢ ᠪᠠᠲᠤᠯᠠᠬᠤ ᠵᠦᠢᠯ ᠵᠣᠷᠪᠤᠰ︾ ᠢ ᠲᠣᠭᠲᠠᠭᠠᠵᠤ ᠪᠣᠯᠬᠤ ᠦᠭᠡᠢ᠃ ᠭᠦᠢᠴᠡᠳᠭᠡᠬᠦ ᠰᠠᠯᠠᠭ᠎ᠠ ᠮᠦᠴᠢᠷ ᠤᠨ ᠬᠠᠷᠭᠤᠭᠤᠯᠤᠨ ᠣᠯᠭᠤᠭᠰᠠᠨ ᠬᠢᠨᠠᠨ ᠵᠥᠪᠰᠢᠶᠡᠷᠡᠬᠦ ᠪᠢᠴᠢᠭ ᠮᠠᠲ᠋ᠧᠷᠢᠶᠠᠯ ᠢ ᠲᠤᠰ ᠰᠠᠯᠠᠭ᠎ᠠ ᠮᠦᠴᠢᠷ ᠨᠢ ᠵᠠᠰᠠᠭ ᠵᠠᠬᠢᠷᠭᠠᠨ ᠤ ᠪᠤᠰᠤᠳ ᠪᠠᠶᠢᠭᠤᠯᠭ᠎ᠠ ᠳᠤ ᠲᠠᠨᠢᠯᠴᠠᠭᠤᠯᠤᠨ ᠬᠦᠷᠭᠡᠵᠦ᠂ ᠪᠦᠲᠦᠭᠡᠨ ᠪᠠᠶᠢᠭᠤᠯᠬᠤ ᠨᠢᠭᠡᠴᠢ ᠶᠢ ᠳᠠᠬᠢᠨ ᠳᠠᠪᠲᠠᠨ ᠲᠤᠰᠢᠶᠠᠯᠭᠠᠬᠤ ᠪᠠᠷ ᠱᠠᠭᠠᠷᠳᠠᠬᠤ ᠦᠭᠡᠢ᠃      4. ᠣᠯᠠᠨ ᠦᠨᠡᠯᠡᠯᠲᠡ ᠶᠢ ᠬᠠᠮᠲᠤᠷᠠᠨ ᠬᠢᠨᠠᠬᠤ᠂ ᠣᠯᠠᠨ ᠵᠢᠷᠤᠭ ᠲᠦᠯᠦᠪᠯᠡᠭᠡ ᠶᠢ ᠬᠤᠯᠪᠣᠭᠠᠯᠠᠨ ᠬᠢᠨᠠᠬᠤ ᠶᠢ ᠬᠡᠷᠡᠭᠵᠢᠭᠦᠯᠦᠨ᠎ᠡ᠃ ᠡᠯ᠎ᠡ ᠲᠦᠷᠦᠯ ᠤᠨ ᠦᠨᠡᠯᠡᠨ ᠵᠢᠱᠢᠬᠦ ᠴᠤᠪᠤᠷᠠᠯ ᠢ ᠰᠢᠯᠢᠳᠡᠭᠵᠢᠭᠦᠯᠵᠦ᠂ ᠬᠠᠮᠲᠤᠳᠬᠠᠨ ᠬᠢᠨᠠᠨ ᠵᠥᠪᠰᠢᠶᠡᠷᠡᠬᠦ ᠶᠢ ᠬᠦᠴᠦᠲᠡᠢ ᠬᠡᠷᠡᠭᠵᠢᠭᠦᠯᠦᠨ᠂ ᠵᠡᠷᠭᠡ ᠳᠤ ᠨᠢ ᠦᠨᠡᠯᠡᠨ ᠵᠢᠱᠢᠬᠦ᠂ ᠵᠡᠷᠭᠡ ᠳᠤ ᠨᠢ ᠬᠢᠨᠠᠨ ᠵᠥᠪᠰᠢᠶᠡᠷᠡᠬᠦ᠂ ᠵᠡᠷᠭᠡ ᠳᠤ ᠨᠢ ᠬᠠᠷᠢᠭᠤ ᠲᠤᠰᠬᠠᠬᠤ ᠶᠢ ᠪᠡᠶᠡᠯᠡᠭᠦᠯᠦᠨ᠎ᠡ᠃ ᠪᠠᠷᠢᠯᠭ᠎ᠠ ᠪᠠᠷᠢᠬᠤ ᠵᠢᠷᠤᠭ ᠲᠦᠯᠦᠪᠯᠡᠭᠡ ᠶᠢᠨ ᠪᠢᠴᠢᠭ ᠮᠠᠲ᠋ᠧᠷᠢᠶᠠᠯ ᠢ ᠨᠢᠭᠡᠲᠦᠯᠲᠡᠢ ᠬᠦᠯᠢᠶᠡᠨ ᠠᠪᠴᠤ ᠰᠢᠢᠳᠪᠦᠷᠢᠯᠡᠬᠦ᠂ ᠵᠡᠷᠭᠡ ᠳᠤ ᠨᠢ ᠬᠤᠯᠪᠣᠭᠠᠯᠠᠨ ᠬᠢᠨᠠᠵᠤ ᠪᠠᠶᠢᠴᠠᠭᠠᠬᠤ ᠠᠷᠭ᠎ᠠ ᠬᠡᠯᠪᠡᠷᠢ ᠶᠢ ᠠᠪᠴᠤ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠭᠠᠯ ᠰᠡᠷᠭᠡᠶᠢᠯᠡᠯᠲᠡ᠂ ᠠᠷᠠᠳ ᠤᠨ ᠰᠡᠷᠭᠡᠶᠢᠯᠡᠯᠲᠡ᠂ ᠭᠠᠵᠠᠷ ᠬᠦᠳᠡᠯᠦᠯᠲᠡ ᠵᠡᠷᠭᠡ ᠰᠠᠯᠠᠭ᠎ᠠ ᠮᠦᠴᠢᠷ ᠤᠳ ᠡᠭᠦᠷᠭᠡᠲᠦ ᠴᠢᠳᠠᠪᠤᠷᠢ ᠪᠣᠯᠣᠨ ᠡᠭᠦᠷᠭᠡ ᠶᠢᠨ ᠢᠶᠠᠨ ᠱᠠᠭᠠᠷᠳᠠᠯᠭ᠎ᠠ ᠶᠣᠰᠤᠭᠠᠷ᠂ ᠲᠣᠭᠲᠠᠭᠠᠭᠰᠠᠨ ᠴᠠᠭ ᠲᠤ ᠬᠢᠨᠠᠨ ᠪᠠᠶᠢᠴᠠᠭᠠᠵᠤ ᠳᠠᠭᠤᠰᠬᠠᠨ᠎ᠠ᠃      ︵ᠭᠤᠷᠪᠠ︶ ᠠᠵᠤ ᠠᠬᠤᠶᠢᠯᠠᠯ ᠤᠨ ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠶᠢ ᠪᠦᠷᠢᠳᠦᠭᠦᠯᠬᠦ ᠳᠤ ᠳᠦᠭᠦᠮ ᠦᠵᠡᠭᠦᠯᠦᠨ᠎ᠡ᠃      1. ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠶᠢᠨ ᠪᠠᠷᠢᠯᠭ᠎ᠠ ᠶᠢ ᠲᠦᠯᠦᠪᠵᠢᠭᠦᠯᠬᠦ᠂ ᠪᠠᠷᠢᠯᠭ᠎ᠠ ᠪᠠᠷᠢᠬᠤ ᠵᠡᠷᠭᠡ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠠᠷᠳᠠᠮ ᠢ ᠲᠦᠷᠦᠯ ᠵᠦᠢᠯ ᠤᠨ ᠲᠤᠰ ᠪᠡᠶ᠎ᠡ ᠶᠢᠨ ᠪᠠᠷᠢᠯᠭ᠎ᠠ ᠳᠤ ᠣᠷᠤᠭᠤᠯᠤᠭᠠᠳ ᠵᠡᠷᠭᠡ ᠳᠤ ᠨᠢ ᠭᠦᠢᠴᠡᠳᠭᠡᠨ᠎ᠡ᠃ ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠶᠢᠨ ᠪᠠᠷᠢᠯᠭ᠎ᠠ ᠪᠠᠷᠢᠬᠤ ᠶᠠᠪᠤᠴᠠ ᠳᠤ ᠬᠡᠷᠡᠭᠯᠡᠭᠴᠢᠳ ᠤᠨ ᠭᠦᠢᠴᠡᠳᠭᠡᠬᠦ ᠵᠠᠮ ᠡᠵᠡᠯᠡᠬᠦ ᠵᠥᠪᠰᠢᠶᠡᠷᠡᠯ᠂ ᠵᠠᠮ ᠬᠠᠷᠢᠯᠴᠠᠭ᠎ᠠ ᠶᠢᠨ ᠠᠮᠦᠷ ᠲᠥᠪᠰᠢᠨ ᠢ ᠨᠦᠯᠦᠭᠡᠯᠡᠵᠦ ᠵᠠᠮ ᠡᠵᠡᠯᠡᠨ ᠪᠠᠷᠢᠯᠭ᠎ᠠ ᠪᠠᠷᠢᠬᠤ ᠵᠥᠪᠰᠢᠶᠡᠷᠡᠯ ᠢ ᠬᠠᠮᠲᠤᠳᠬᠠᠨ ᠬᠢᠨᠠᠵᠤ ᠵᠥᠪᠰᠢᠶᠡᠷᠡᠨ᠎ᠡ᠃      2. ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠬᠠᠩᠭᠠᠬᠤ ᠠᠵᠤ ᠠᠬᠤᠶᠢᠯᠠᠯ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠬᠠᠩᠭᠠᠬᠤ ᠠᠵᠤ ᠠᠬᠤᠶᠢᠯᠠᠯ ᠤᠨ ᠲᠤᠳᠤᠭᠠᠲᠤ ᠳᠠᠬᠢ ᠭᠦᠢᠴᠡᠳᠭᠡᠬᠦ ᠴᠤᠪᠤᠷᠠᠯ ᠢ ᠨᠢ ᠡᠮᠬᠢᠯᠡᠨ ᠨᠡᠶᠢᠯᠡᠭᠦᠯᠵᠦ᠂ ᠬᠡᠷᠡᠭᠯᠡᠭᠴᠢᠳ ᠤᠨ ᠭᠤᠶᠤᠴᠢᠯᠠᠬᠤ ᠮᠠᠲ᠋ᠧᠷᠢᠶᠠᠯ ᠢ ᠨᠢ ᠴᠤᠮᠬᠠᠳᠬᠠᠵᠤ᠂ ᠭᠦᠢᠴᠡᠳᠭᠡᠬᠦ ᠭᠤᠭᠴᠤᠭ᠎ᠠ ᠶᠢ ᠪᠠᠭᠠᠰᠬᠠᠨ᠎ᠠ᠃ ᠨᠢᠭᠡ ᠬᠤᠲᠠ ᠶᠢᠨ ᠣᠨᠳᠤᠤ ᠭᠠᠵᠠᠷ ᠲᠤ ᠬᠦᠯᠢᠶᠡᠨ ᠠᠪᠬᠤ᠂ ︽ᠨᠢᠭᠡ ᠥᠷᠲᠡᠭᠡ ᠮᠠᠶ᠋ᠢᠭ︾ ᠢᠶᠠᠷ ᠠᠵᠢᠯᠯᠠᠬᠤ᠂ ᠨᠢᠭᠡ ᠯᠡ ᠤᠳᠠᠭ᠎ᠠ ᠳᠤ ᠮᠡᠳᠡᠭᠳᠡᠬᠦ ᠦᠢᠯᠡᠴᠢᠯᠡᠭᠡᠨ ᠤ ᠲᠣᠭᠲᠠᠴᠠ ᠶᠢ ᠬᠡᠷᠡᠭᠵᠢᠭᠦᠯᠦᠨ᠎ᠡ᠃ ᠢᠨᠲ᠋ᠧᠷ ᠰᠦᠯᠵᠢᠶ᠎ᠡ ᠳᠤ ᠲᠦᠰᠢᠭᠯᠡᠨ᠂ ᠬᠠᠷᠢᠴᠠᠭᠠᠨ ᠤ ᠡᠷᠦᠬᠡ ᠶᠢᠨ ᠮᠡᠳᠡᠭᠦᠯᠵᠦ ᠤᠭᠰᠠᠷᠠᠬᠤ ᠠᠴᠠ ᠰᠦᠢᠳᠭᠡᠯ ᠲᠤᠰᠢᠶᠠᠬᠤ ᠬᠦᠷᠲᠡᠯᠡᠬᠢ ᠪᠦᠬᠦ ᠶᠠᠪᠤᠴᠠ ᠶᠢ ᠰᠦᠯᠵᠢᠶ᠎ᠡ ᠪᠠᠷ ᠭᠦᠢᠴᠡᠳᠭᠡᠬᠦ ᠶᠢ ᠪᠡᠶᠡᠯᠡᠭᠦᠯᠦᠨ᠎ᠡ᠃      3. ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠶᠢ ᠪᠦᠷᠢᠳᠦᠭᠦᠯᠬᠦ ᠴᠠᠭ ᠤᠨ ᠬᠢᠵᠠᠭᠠᠷ ᠢ ᠪᠤᠭᠤᠨᠢᠰᠬᠠᠨ᠎ᠠ᠃ ᠤᠰᠤ ᠬᠠᠩᠭᠠᠬᠤ ᠲᠠᠯ᠎ᠠ ᠪᠠᠷ᠂ ᠠᠶᠢᠮᠠᠭ ᠤᠨ ᠵᠠᠬᠢᠷᠭ᠎ᠠ ᠶᠢᠨ ᠪᠠᠶᠢᠭ᠎ᠠ ᠭᠠᠵᠠᠷ᠂ ᠬᠤᠲᠠ ᠶᠢᠨ ᠬᠠᠷᠢᠶᠠᠲᠤ ᠲᠣᠭᠤᠷᠢᠭ ᠲᠤ ᠭᠦᠢᠴᠡᠳᠭᠡᠬᠦ ᠴᠠᠭ ᠤᠨ ᠬᠢᠵᠠᠭᠠᠷ ᠢ ᠵᠠᠷᠴᠢᠮ ᠤᠨ ᠲᠠᠯ᠎ᠠ ᠪᠠᠷ 60 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠂ ᠡᠯ᠎ᠡ ᠬᠤᠰᠢᠭᠤ ᠰᠢᠶᠠᠨ ︵ᠬᠤᠲᠠ︶ ᠤ ᠬᠤᠲᠠ ᠲᠣᠭᠤᠷᠢᠭ ᠲᠤ ᠭᠦᠢᠴᠡᠳᠭᠡᠬᠦ ᠴᠠᠭ ᠤᠨ ᠬᠢᠵᠠᠭᠠᠷ ᠢ ᠵᠠᠷᠴᠢᠮ ᠤᠨ ᠲᠠᠯ᠎ᠠ ᠪᠠᠷ 30 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠃ ᠴᠠᠬᠢᠯᠭᠠᠨ ᠬᠠᠩᠭᠠᠬᠤ ᠲᠠᠯ᠎ᠠ ᠪᠠᠷ᠂ ᠳᠣᠣᠷ᠎ᠠ ᠬᠦᠴᠦᠳᠡᠯᠲᠦ ᠴᠠᠬᠢᠯᠭᠠᠨ ᠤ ᠮᠡᠳᠡᠭᠦᠯᠵᠦ ᠤᠭᠰᠠᠷᠠᠬᠤ ᠶᠢᠨ ᠭᠦᠢᠴᠡᠳᠭᠡᠬᠦ ᠴᠠᠭ ᠤᠨ ᠬᠢᠵᠠᠭᠠᠷ ᠢ ᠵᠠᠷᠴᠢᠮ ᠤᠨ ᠲᠠᠯ᠎ᠠ ᠪᠠᠷ 15 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠂ ᠦᠨᠳᠦᠷ ᠬᠦᠴᠦᠳᠡᠯᠲᠦ ᠴᠠᠬᠢᠯᠭᠠᠨ ᠤ ᠳᠠᠩ ᠡᠭᠦᠰᠭᠡᠭᠴᠢ ᠶᠢ ᠪᠣᠯ ᠵᠠᠷᠴᠢᠮ ᠤᠨ ᠲᠠᠯ᠎ᠠ ᠪᠠᠷ 40 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠂ ᠦᠨᠳᠦᠷ ᠬᠦᠴᠦᠳᠡᠯᠲᠦ ᠴᠠᠬᠢᠯᠭᠠᠨ ᠤ ᠬᠤᠣᠰ ᠡᠭᠦᠰᠭᠡᠭᠴᠢ ᠶᠢ ᠪᠣᠯ ᠵᠠᠷᠴᠢᠮ ᠤᠨ ᠲᠠᠯ᠎ᠠ ᠪᠠᠷ 55 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠃ ᠰᠢᠲᠠᠮᠠᠬᠠᠢ ᠬᠡᠢ ᠬᠠᠩᠭᠠᠬᠤ ᠲᠠᠯ᠎ᠠ ᠪᠠᠷ᠂ ᠮᠡᠳᠡᠭᠦᠯᠦᠨ ᠪᠠᠶᠢᠭᠤᠯᠬᠤ ᠠᠵᠢᠯ ᠤᠨ ᠭᠦᠢᠴᠡᠳᠭᠡᠬᠦ ᠴᠠᠭ ᠤᠨ ᠬᠢᠵᠠᠭᠠᠷ ᠢ ᠵᠠᠷᠴᠢᠮ ᠤᠨ ᠲᠠᠯ᠎ᠠ ᠪᠠᠷ 10 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠃ ᠳᠤᠯᠠᠭᠠᠯᠠᠭ᠎ᠠ ᠬᠠᠩᠭᠠᠬᠤ ᠲᠠᠯ᠎ᠠ ᠪᠠᠷ᠂ ᠭᠦᠢᠴᠡᠳᠭᠡᠬᠦ ᠴᠠᠭ ᠤᠨ ᠬᠢᠵᠠᠭᠠᠷ ᠢ ᠵᠠᠷᠴᠢᠮ ᠤᠨ ᠲᠠᠯ᠎ᠠ ᠪᠠᠷ 60 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠃       4. ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠶᠢᠨ ᠵᠠᠯᠭᠠᠵᠤ ᠤᠭᠰᠠᠷᠠᠬᠤ ᠵᠠᠷᠤᠳᠠᠯ ᠢ ᠪᠠᠭᠠᠰᠬᠠᠨ᠎ᠠ᠃ ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠶᠢ ᠬᠠᠩᠭᠠᠬᠤ ᠠᠵᠤ ᠠᠬᠤᠶᠢᠯᠠᠯ ᠨᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠦᠪᠡᠭᠴᠢᠯᠡᠨ ᠬᠡᠷᠡᠭᠵᠢᠭᠦᠯᠵᠦ᠂ ᠬᠡᠷᠡᠭᠯᠡᠭᠴᠢᠳ ᠤᠨ ᠳᠠᠷᠤᠭᠠᠰᠤ ᠶᠢ ᠨᠢ ᠬᠦᠩᠭᠡᠯᠡᠬᠦ ᠬᠡᠷᠡᠭᠲᠡᠢ᠃ ︽ᠭᠤᠷᠪᠠ ᠶᠢ ᠵᠢᠭᠠᠨ ᠲᠣᠭᠲᠠᠭᠠᠬᠤ ᠦᠭᠡᠢ︾ ᠵᠠᠷᠴᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠡᠷᠡᠭᠯᠡᠭᠴᠢᠳ ᠨᠢ ᠪᠠᠷᠢᠯᠭ᠎ᠠ ᠶᠢᠨ ᠵᠢᠷᠤᠵᠤ ᠲᠦᠯᠦᠪᠯᠡᠬᠦ᠂ ᠪᠠᠷᠢᠯᠭ᠎ᠠ ᠪᠠᠷᠢᠬᠤ᠂ ᠲᠥᠭᠦᠭᠡᠷᠦᠮᠵᠢ ᠮᠠᠲ᠋ᠧᠷᠢᠶᠠᠯ ᠬᠠᠩᠭᠠᠬᠤ ᠬᠤᠳᠠᠯᠳᠤᠭᠠᠴᠢᠨ ᠢ ᠴᠢᠯᠦᠭᠡᠲᠡᠢ ᠰᠤᠩᠭᠤᠵᠤ᠂ ᠪᠠᠷᠢᠯᠭ᠎ᠠ ᠶᠢᠨ ᠠᠵᠢᠯ ᠢ ᠦᠪᠡᠷ ᠢᠶᠠᠨ ᠵᠣᠬᠢᠶᠠᠨ ᠪᠠᠶᠢᠭᠤᠯᠵᠤ ᠬᠢᠨ᠎ᠡ᠃ ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠶᠢ ᠬᠠᠩᠭᠠᠬᠤ ᠠᠵᠤ ᠠᠬᠤᠶᠢᠯᠠᠯ ᠨᠢ ᠭᠠᠭᠴᠠᠭᠠᠷ ᠡᠵᠡᠮᠰᠢᠬᠦ ᠪᠠᠶᠢᠷᠢ ᠰᠠᠭᠤᠷᠢ ᠪᠠᠨ ᠠᠰᠢᠭᠯᠠᠨ᠂ ᠬᠡᠷᠡᠭᠯᠡᠭᠴᠢᠳ ᠠᠴᠠ ︽ᠪᠤᠰᠤᠳ ᠳᠠᠭᠠᠯᠲᠠ ᠠᠵᠢᠯ ᠤᠨ ᠵᠠᠷᠤᠳᠠᠯ︾ ᠵᠡᠷᠭᠡ ᠰᠦᠢᠳᠭᠡᠯ ᠢ ᠲᠣᠭᠲᠠᠭᠠᠯ ᠠᠴᠠ ᠵᠦᠷᠢᠴᠡᠨ ᠬᠤᠷᠢᠶᠠᠬᠤ ᠶᠢ ᠲᠠᠰᠤ ᠵᠤᠭᠰᠤᠭᠠᠨ᠎ᠠ᠃      ︵ᠳᠥᠷᠪᠡ︶ ᠠᠵᠤ ᠠᠬᠤᠶᠢᠯᠠᠯ ᠤᠨ ᠦᠯᠦ ᠬᠦᠳᠡᠯᠬᠦ ᠬᠦᠷᠦᠩᠭᠡ ᠪᠠᠨ ᠳᠠᠩᠰᠠᠯᠠᠨ ᠲᠡᠮᠲᠡᠭᠯᠡᠭᠦᠯᠬᠦ ᠳᠤ ᠳᠦᠭᠦᠮ ᠦᠵᠡᠭᠦᠯᠦᠨ᠎ᠡ᠃      1. ᠭᠦᠢᠴᠡᠳᠭᠡᠬᠦ ᠭᠤᠭᠴᠤᠭ᠎ᠠ ᠶᠢ ᠰᠢᠯᠢᠳᠡᠭᠵᠢᠭᠦᠯᠦᠨ᠎ᠡ᠃ ᠦᠯᠦ ᠬᠦᠳᠡᠯᠬᠦ ᠬᠦᠷᠦᠩᠭᠡ ᠶᠢ ᠳᠠᠩᠰᠠᠯᠠᠨ ᠲᠡᠮᠲᠡᠭᠯᠡᠬᠦ ᠳᠤ ᠨᠢᠭᠡ ᠯᠡ ᠴᠤᠩᠬᠤᠪᠴᠢ ᠪᠠᠷ ᠭᠦᠢᠴᠡᠳᠭᠡᠬᠦ ᠶᠢ ᠬᠡᠷᠡᠭᠵᠢᠭᠦᠯᠵᠦ᠂ ᠭᠡᠷ ᠪᠠᠶᠢᠰᠢᠩ ᠤᠨ ᠠᠷᠠᠯᠵᠢᠶ᠎ᠠ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠦᠴᠢᠷ ᠲᠠᠢ ᠨᠢᠭᠡ ᠭᠠᠵᠠᠷ ᠲᠤ ᠠᠵᠢᠯᠯᠠᠬᠤ ᠶᠢ ᠪᠡᠶᠡᠯᠡᠭᠦᠯᠬᠦ ᠶᠢᠨ ᠬᠠᠮᠲᠤ᠂ ᠮᠡᠳᠡᠭᠡ ᠵᠠᠩᠭᠢ ᠶᠢᠨ ᠬᠠᠮᠲᠤ ᠳᠤ ᠪᠠᠨ ᠬᠦᠷᠲᠡᠬᠦ ᠲᠣᠭᠲᠠᠴᠠ ᠶᠢ ᠪᠠᠶᠢᠭᠤᠯᠤᠨ᠎ᠠ᠃ ᠦᠯᠦ ᠬᠦᠳᠡᠯᠬᠦ ᠬᠦᠷᠦᠩᠭᠡ ᠶᠢ ᠳᠠᠩᠰᠠᠯᠠᠨ ᠲᠡᠮᠲᠡᠭᠯᠡᠬᠦ ᠶᠢᠨ ᠠᠵᠢᠯ ᠬᠡᠷᠡᠭ ᠭᠦᠢᠴᠡᠳᠭᠡᠬᠦ ᠭᠤᠣᠯ ᠰᠡᠳᠦᠪ ᠤᠨ ᠨᠠᠷᠢᠨ ᠬᠠᠭᠤᠳᠠᠰᠤ ᠶᠢ ᠲᠣᠭᠲᠠᠭᠠᠨ᠎ᠠ᠃      2. ᠭᠦᠢᠴᠡᠳᠭᠡᠬᠦ ᠴᠠᠭ ᠤᠨ ᠬᠢᠵᠠᠭᠠᠷ ᠢ ᠪᠤᠭᠤᠨᠢᠰᠬᠠᠨ᠎ᠠ᠃ ᠤᠭ ᠤᠨ ᠪᠠᠶᠢᠭᠰᠠᠨ ᠭᠡᠷ ᠪᠠᠶᠢᠰᠢᠩ ᠢ ᠬᠤᠳᠠᠯᠳᠤᠭᠠᠯᠠᠬᠤ ᠲᠣᠬᠠᠶᠢᠯᠠᠭᠰᠠᠨ ᠠᠵᠢᠯ ᠳᠤ᠂ ᠭᠡᠷ ᠪᠠᠶᠢᠰᠢᠩ ᠨᠢ ᠦᠯᠦ ᠬᠦᠳᠡᠯᠬᠦ ᠬᠦᠷᠦᠩᠭᠡ ᠶᠢ ᠳᠠᠩᠰᠠᠯᠠᠨ ᠲᠡᠮᠲᠡᠭᠯᠡᠬᠦ ᠰᠠᠯᠠᠭ᠎ᠠ ᠮᠦᠴᠢᠷ ᠤᠨ ᠣᠯᠭᠤᠭᠰᠠᠨ ᠦᠨᠡᠮᠯᠡᠯ ᠳᠤ ᠬᠤᠯᠪᠣᠭᠳᠠᠭᠰᠠᠨ ᠪᠠᠶᠢᠪᠠᠯ᠂ ᠭᠡᠷ ᠪᠠᠶᠢᠰᠢᠩ ᠤᠨ ᠢᠷᠡᠯᠲᠡ ᠶᠢ ᠬᠠᠷᠭᠤᠭᠤᠯᠤᠨ ᠰᠢᠯᠭᠠᠭᠤᠯᠬᠤ ᠪᠠᠷ ᠭᠤᠶᠤᠴᠢᠯᠠᠬᠤ ᠳᠤ᠂ ᠭᠦᠢᠴᠡᠳᠭᠡᠬᠦ ᠴᠠᠭ ᠤᠨ ᠬᠢᠵᠠᠭᠠᠷ ᠢ ᠨᠢ 8 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ︔ ᠭᠡᠷ ᠪᠠᠶᠢᠰᠢᠩ ᠬᠤᠳᠠᠯᠳᠤᠨ ᠠᠪᠬᠤ ᠬᠢᠷᠢ ᠭᠡᠮ ᠢ ᠨᠢ ᠬᠢᠨᠠᠨ ᠬᠠᠷᠭᠤᠭᠤᠯᠬᠤ ᠲᠣᠬᠠᠶᠢᠯᠠᠭᠰᠠᠨ ᠠᠵᠢᠯ ᠳᠤ᠂ ᠬᠠᠮᠢᠶ᠎ᠠ ᠪᠦᠬᠦᠢ ᠲᠣᠬᠠᠶᠢᠲᠠᠢ ᠬᠦᠮᠦᠨ ᠤ ᠨᠡᠷ᠎ᠡ ᠳᠠᠬᠢ ᠭᠡᠷ ᠪᠠᠶᠢᠰᠢᠩ ᠨᠢ ᠠᠷᠠᠯᠵᠢᠶᠠᠯᠠᠬᠤ ᠡᠷᠬᠡ ᠬᠠᠷᠢᠶ᠎ᠠ ᠶᠢᠨ ᠰᠢᠰᠲ᠋ᠧᠮ ᠤᠨ ᠣᠯᠭᠤᠭᠰᠠᠨ ᠦᠨᠡᠮᠯᠡᠯ ᠳᠤ ᠬᠤᠯᠪᠣᠭᠳᠠᠭᠰᠠᠨ ᠪᠠᠶᠢᠪᠠᠯ᠂ ᠬᠢᠷᠢ ᠭᠡᠮ ᠢ ᠬᠢᠨᠠᠨ ᠬᠠᠷᠭᠤᠭᠤᠯᠬᠤ ᠪᠠᠷ ᠭᠤᠶᠤᠴᠢᠯᠠᠬᠤ ᠳᠤ᠂ ᠭᠦᠢᠴᠡᠳᠭᠡᠬᠦ ᠴᠠᠭ ᠤᠨ ᠬᠢᠵᠠᠭᠠᠷ ᠢ ᠨᠢ 8 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠃      3. ᠰᠦᠯᠵᠢᠶᠡᠨ ᠳᠡᠭᠡᠷᠡᠬᠢ ᠪᠠ ᠰᠦᠯᠵᠢᠶᠡᠨ ᠤ ᠭᠠᠳᠠᠭᠤᠷᠬᠢ ᠶᠢ ᠨᠢᠭᠡ ᠴᠤᠭᠴᠠᠵᠢᠭᠤᠯᠤᠭᠰᠠᠨ ᠲᠣᠭᠲᠠᠴᠠ ᠶᠢ ᠬᠡᠷᠡᠭᠵᠢᠭᠦᠯᠦᠨ᠎ᠡ᠃ ᠦᠯᠦ ᠬᠦᠳᠡᠯᠬᠦ ᠬᠦᠷᠦᠩᠭᠡ ᠶᠢ ᠳᠠᠩᠰᠠᠯᠠᠨ ᠲᠡᠮᠲᠡᠭᠯᠡᠬᠦ ᠳᠤ ᠰᠦᠯᠵᠢᠶ᠎ᠡ ᠪᠠᠷ ᠤᠷᠢᠳᠴᠢᠯᠠᠨ ᠬᠢᠨᠠᠬᠤ᠂ ᠰᠦᠯᠵᠢᠶᠡᠨ ᠭᠠᠳᠠᠭᠤᠷ ᠬᠠᠷᠭᠤᠭᠤᠯᠤᠨ ᠰᠢᠯᠭᠠᠬᠤ᠂ ᠨᠢᠭᠡ ᠯᠡ ᠤᠳᠠᠭ᠎ᠠ ᠳᠤ ᠭᠦᠢᠴᠡᠳᠭᠡᠵᠦ ᠳᠠᠭᠤᠰᠬᠠᠬᠤ ᠲᠣᠭᠲᠠᠴᠠ ᠶᠢ ᠪᠠᠶᠢᠭᠤᠯᠤᠨ᠎ᠠ᠃ ᠭᠤᠶᠤᠴᠢᠯᠠᠯ ᠢᠶᠠᠷ ᠡᠬᠢᠯᠡᠭᠦᠯᠦᠭᠰᠡᠨ ᠡᠯ᠎ᠡ ᠲᠦᠷᠦᠯ ᠤᠨ ᠦᠯᠦ ᠬᠦᠳᠡᠯᠬᠦ ᠬᠦᠷᠦᠩᠭᠡ ᠶᠢᠨ ᠳᠠᠩᠰᠠᠯᠠᠨ ᠲᠡᠮᠲᠡᠭᠯᠡᠬᠦ ᠲᠣᠬᠠᠶᠢᠯᠠᠭᠰᠠᠨ ᠠᠵᠢᠯ ᠢ ᠰᠦᠯᠵᠢᠶ᠎ᠡ ᠪᠠᠷ ᠭᠦᠢᠴᠡᠳᠭᠡᠬᠦ᠂ ᠦᠯᠦ ᠬᠦᠳᠡᠯᠬᠦ ᠬᠦᠷᠦᠩᠭᠡ ᠶᠢᠨ ᠡᠷᠬᠡ ᠶᠢ ᠳᠠᠩᠰᠠᠯᠠᠨ ᠲᠡᠮᠲᠡᠭᠯᠡᠬᠦ ᠰᠦᠢᠳᠭᠡᠯ ᠢ ᠰᠦᠯᠵᠢᠶ᠎ᠡ ᠪᠠᠷ ᠲᠦᠯᠦᠬᠦ ᠶᠢ ᠪᠡᠶᠡᠯᠡᠭᠦᠯᠦᠨ᠎ᠡ᠃ ᠭᠤᠶᠤᠴᠢᠯᠠᠯ ᠢᠶᠠᠷ ᠡᠬᠢᠯᠡᠭᠦᠯᠦᠭᠰᠡᠨ ᠪᠦᠭᠡᠳ ︽ᠲᠣᠬᠠᠢ ᠶᠢᠨ ᠲᠠᠯᠠᠪᠠᠢ ᠳᠤ ᠨᠢ ᠭᠦᠢᠴᠡᠳᠭᠡᠵᠦ ᠳᠠᠭᠤᠰᠬᠠᠬᠤ ᠪᠤᠰᠤ︾ ᠳᠠᠩᠰᠠᠯᠠᠨ ᠲᠡᠮᠲᠡᠭᠯᠡᠬᠦ ᠲᠣᠬᠠᠶᠢᠯᠠᠭᠰᠠᠨ ᠠᠵᠢᠯ ᠳᠤ ᠭᠡᠷᠡᠴᠢ ᠪᠠ ᠦᠨᠡᠮᠯᠡᠯ ᠢᠯᠡᠭᠡᠨ ᠬᠦᠷᠭᠡᠬᠦ ᠦᠢᠯᠡᠴᠢᠯᠡᠭᠡ ᠬᠠᠩᠭᠠᠨ᠎ᠠ᠃      ︵ᠲᠠᠪᠤ︶ ᠠᠵᠤ ᠠᠬᠤᠶᠢᠯᠠᠯ ᠤᠨ ᠬᠢᠨ ᠤ ᠢᠲᠡᠭᠡᠮᠵᠢᠲᠦ ᠵᠢᠭᠡᠯᠡᠯᠭᠡ ᠣᠯᠬᠤ ᠬᠦᠴᠢᠷ ᠢ ᠪᠠᠭᠠᠰᠬᠠᠨ᠎ᠠ᠃      1. ᠮᠦᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠭᠤᠣᠯ ᠴᠤᠭᠴᠠ ᠶᠢ ᠨᠡᠮᠡᠭᠳᠡᠭᠦᠯᠦᠨ᠎ᠡ᠃ ᠭᠠᠳᠠᠭᠠᠲᠤ ᠪᠡᠯᠡ ᠶᠢᠨ ᠪᠠᠩᠭᠢ᠂ ᠪᠦᠬᠦ ᠤᠯᠤᠰ ᠤᠨ ᠴᠢᠨᠠᠷᠲᠠᠢ ᠬᠤᠪᠢᠴᠠᠭᠠᠲᠤ ᠳᠦᠷᠢᠮ ᠤᠨ ᠬᠤᠳᠠᠯᠳᠤᠭᠠᠨ ᠤ ᠪᠠᠩᠭᠢ ᠪᠣᠯᠣᠨ ᠳᠤᠮᠳᠠᠳᠤ ᠭᠠᠳᠠᠭᠠᠲᠤ ᠪᠡᠯᠡ ᠶᠢᠨ ᠳᠠᠭᠠᠳᠬᠠᠯ ᠤᠨ ᠬᠠᠤᠯᠢ ᠶᠢᠨ ᠡᠷᠬᠡᠲᠡᠨ ᠤ ᠪᠠᠶᠢᠭᠤᠯᠤᠮᠵᠢ ᠶᠢᠨ ᠬᠢᠨ ᠤ ᠮᠠᠨ ᠤ ᠣᠷᠣᠨ ᠳᠤ ᠬᠤᠪᠢᠶᠠᠷᠢ ᠰᠠᠯᠪᠤᠷᠢ ᠪᠠᠶᠢᠭᠤᠯᠤᠮᠵᠢ ᠪᠠᠶᠢᠭᠤᠯᠬᠤ ᠶᠢ ᠵᠣᠷᠢᠬᠵᠢᠭᠤᠯᠤᠨ᠎ᠠ᠃ ᠬᠡᠷᠡᠭᠯᠡᠭᠡ ᠶᠢᠨ ᠮᠦᠩᠭᠦᠨ ᠭᠦᠢᠯᠭᠡᠭᠡᠨ ᠤ ᠺᠤᠮᠫᠠᠨᠢ ᠵᠡᠷᠭᠡ ᠪᠠᠩᠭᠢ ᠶᠢᠨ ᠪᠤᠰᠤ ᠮᠦᠩᠭᠦᠨ ᠭᠦᠢᠯᠭᠡᠭᠡᠨ ᠤ ᠪᠠᠶᠢᠭᠤᠯᠤᠮᠵᠢ ᠪᠠᠶᠢᠭᠤᠯᠬᠤ ᠶᠢ ᠠᠬᠢᠭᠤᠯᠤᠨ᠎ᠠ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠭᠵᠢᠭᠦᠯᠦᠨ ᠪᠣᠵᠠᠭᠠᠶᠢᠷᠠᠭᠤᠯᠵᠤ᠂ ᠪᠠᠭ᠎ᠠ ᠲᠣᠭᠠᠨ ᠤ ᠵᠢᠭᠡᠯᠡᠯᠭᠡ ᠶᠢᠨ ᠺᠤᠮᠫᠠᠨᠢ ᠪᠣᠯᠣᠨ ᠪᠡᠯᠡ ᠲᠣᠬᠢᠷᠠᠭᠤᠯᠭ᠎ᠠ ᠳᠤ ᠳᠠᠭᠠᠭᠠᠯᠲᠠ ᠬᠢᠬᠦ ᠪᠠᠶᠢᠭᠤᠯᠤᠮᠵᠢ ᠶᠢ ᠢᠳᠡᠪᠬᠢᠲᠡᠢ ᠬᠥᠭᠵᠢᠭᠦᠯᠦᠨ᠎ᠡ᠃      2. ᠰᠢᠭᠤᠳ ᠪᠡᠯᠡ ᠲᠣᠬᠢᠷᠠᠭᠤᠯᠭ᠎ᠠ ᠬᠢᠬᠦ ᠬᠡᠪᠴᠢᠶᠡᠵᠢᠯ ᠢ ᠥᠷᠭᠡᠳᠭᠡᠨ᠎ᠡ᠃ ᠠᠵᠤ ᠠᠬᠤᠶᠢᠯᠠᠯ ᠤᠨ ᠵᠢᠷᠤᠮᠵᠢᠭᠤᠯᠤᠭᠰᠠᠨ ᠺᠤᠮᠫᠠᠨᠢ ᠶᠢᠨ ᠳᠦᠷᠢᠮ ᠤᠨ ᠦᠭᠡᠷᠡᠴᠢᠯᠡᠯᠲᠡ ᠶᠢᠨ ᠠᠬᠢᠴᠠ ᠶᠢ ᠲᠦᠷᠭᠡᠳᠭᠡᠵᠦ᠂ ᠭᠠᠶᠢᠯᠢ ᠰᠦᠢᠳᠭᠡᠯ ᠵᠡᠷᠭᠡ ᠪᠠᠷ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠤᠨ ᠬᠢᠨ ᠤ ᠬᠢᠯᠢ ᠶᠢᠨ ᠳᠤᠲᠤᠭᠠᠲᠤ ᠭᠠᠳᠠᠭᠠᠲᠤ ᠶᠢᠨ ᠵᠠᠬ᠎ᠠ ᠳᠡᠯᠭᠡᠭᠦᠷ ᠲᠤ ᠭᠠᠷᠬᠤ᠂ ᠰᠢᠨ᠎ᠡ ᠭᠤᠷᠪᠠᠳᠤᠭᠠᠷ ᠰᠠᠮᠪᠠᠷ᠎ᠠ ᠪᠣᠯᠣᠨ ᠣᠷᠣᠨ ᠪᠦᠰᠡ ᠶᠢᠨ ᠰᠲ᠋ᠣᠺ ᠤᠨ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠲᠤ ᠫᠠᠶᠢᠰᠠ ᠡᠯᠭᠦᠬᠦ ᠶᠢ ᠢᠳᠡᠪᠬᠢᠲᠡᠢ ᠠᠬᠢᠭᠤᠯᠤᠨ᠎ᠠ᠃ ᠮᠦᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠤᠨ ᠬᠢᠨ ᠤ ᠣᠬᠤᠷ ᠬᠤᠭᠤᠴᠠᠭᠠᠨ ᠤ ᠪᠡᠯᠡ ᠲᠣᠬᠢᠷᠠᠭᠤᠯᠬᠤ ᠲᠡᠮᠲᠡᠭᠲᠦ ᠵᠡᠷᠭᠡ ᠮᠦᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠤᠨ ᠥᠷᠢ ᠥᠭᠴᠢᠭᠡ ᠶᠢᠨ ᠪᠡᠯᠡ ᠲᠣᠬᠢᠷᠠᠭᠤᠯᠬᠤ ᠪᠠᠭᠠᠵᠢ ᠲᠠᠷᠬᠠᠭᠠᠵᠤ ᠪᠠᠶᠢᠭᠠᠳ ᠪᠡᠯᠡ ᠮᠦᠩᠭᠦ ᠴᠤᠭᠯᠠᠭᠤᠯᠬᠤ ᠶᠢ ᠳᠡᠮᠵᠢᠨ᠎ᠡ᠃      3. ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠣᠷᠴᠢᠨ ᠨᠦᠬᠦᠴᠡᠯ ᠢ ᠰᠢᠯᠢᠳᠡᠭᠵᠢᠭᠦᠯᠦᠨ᠎ᠡ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠤ ᠪᠡᠯᠡ ᠲᠣᠬᠢᠷᠠᠭᠤᠯᠭ᠎ᠠ ᠶᠢᠨ ᠵᠠᠪᠰᠠᠷ ᠤᠨ ᠭᠤᠭᠴᠤᠭ᠎ᠠ ᠪᠠᠨ ᠢᠯᠭᠠᠷᠠᠭᠤᠯᠬᠤ ᠶᠢ ᠨᠢ ᠠᠬᠢᠭᠤᠯᠵᠤ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠦᠢᠳᠭᠡᠯ ᠬᠤᠷᠢᠶᠠᠬᠤ ᠪᠠ ᠢᠲᠡᠭᠡᠮᠵᠢᠲᠦ ᠵᠢᠭᠡᠯᠡᠯᠭᠡ ᠲᠠᠯᠪᠢᠬᠤ ᠠᠵᠢᠯᠯᠠᠭ᠎ᠠ ᠶᠢ ᠵᠢᠷᠤᠮᠵᠢᠭᠤᠯᠤᠨ᠎ᠠ᠃ ᠺᠤᠮᠫᠠᠨᠢ ᠶᠢᠨ ᠥᠭᠴᠢᠭᠡ ᠵᠡᠷᠭᠡ ᠠᠷᠭ᠎ᠠ ᠬᠡᠯᠪᠡᠷᠢ ᠶᠢ ᠬᠡᠷᠡᠭᠯᠡᠵᠦ ᠪᠠᠶᠢᠭᠠᠳ ᠢᠲᠡᠭᠡᠮᠵᠢᠲᠦ ᠵᠢᠭᠡᠯᠡᠯᠭᠡ ᠶᠢᠨ ᠪᠤᠰᠤ ᠪᠡᠯᠡ ᠲᠣᠬᠢᠷᠠᠭᠤᠯᠭ᠎ᠠ ᠶᠢᠨ ᠡᠵᠡᠯᠡᠬᠦ ᠬᠠᠷᠢᠴᠠᠯ ᠢ ᠳᠡᠭᠡᠭᠰᠢᠯᠡᠭᠦᠯᠦᠨ᠎ᠡ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠤᠳᠤᠭᠠᠲᠤ ᠶᠢᠨ ᠦᠭᠡᠷᠡᠴᠢᠯᠡᠯᠲᠡ ᠪᠠᠨ ᠭᠦᠨᠵᠡᠭᠡᠶᠢᠷᠡᠭᠦᠯᠬᠦ ᠶᠢ ᠳᠡᠮᠵᠢᠵᠦ᠂ ᠵᠢᠵᠢᠭ ᠪᠢᠴᠢᠯ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠵᠡᠷᠭᠡ ᠳᠤ ᠴᠢᠭᠯᠡᠭᠦᠯᠦᠭᠰᠡᠨ ᠲᠤᠰᠬᠠᠢ ᠡᠵᠡᠩᠨᠡᠯᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠤᠨ᠎ᠠ᠃ ᠠᠵᠤ ᠠᠬᠤᠶᠢᠯᠠᠯ ᠤᠨ ᠵᠢᠭᠡᠯᠡᠯᠭᠡ ᠶᠢᠨ ᠢᠲᠡᠭᠡᠮᠵᠢ ᠶᠢ ᠦᠨᠡᠯᠡᠨ ᠵᠢᠱᠢᠬᠦ ᠭᠦᠢᠴᠡᠳᠭᠡᠯ ᠲᠣᠭᠠᠨ ᠤ ᠰᠢᠰᠲ᠋ᠧᠮᠵᠢ ᠳᠠᠬᠢ ᠮᠡᠳᠡᠯᠭᠡ ᠦᠮᠴᠢᠯᠡᠬᠦ ᠡᠷᠬᠡ ᠶᠢᠨ ᠥᠷᠲᠡᠭ ᠢ ᠦᠨᠡᠯᠡᠬᠦ ᠶᠢᠨ ᠲᠡᠩᠨᠡᠭᠦᠯᠬᠦ ᠬᠡᠮᠵᠢᠶ᠎ᠡ ᠶᠢ ᠨᠢ ᠨᠡᠮᠡᠭᠳᠡᠭᠦᠯᠦᠨ᠎ᠡ᠃      4. ᠮᠦᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠮᠦᠩᠭᠦᠨ ᠭᠦᠢᠯᠭᠡᠭᠡᠨ ᠤ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ ᠬᠠᠮᠲᠤ ᠳᠤ ᠪᠠᠨ ᠬᠦᠷᠲᠡᠬᠦ ᠶᠢ ᠠᠬᠢᠭᠤᠯᠤᠨ᠎ᠠ᠃ ᠮᠦᠩᠭᠦᠨ ᠭᠦᠢᠯᠭᠡᠭᠡᠨ ᠤ ᠦᠢᠯᠡᠴᠢᠯᠡᠭᠡ ᠶᠢᠨ ᠰᠢᠨ᠎ᠡ ᠠᠷᠭ᠎ᠠ ᠵᠠᠮ ᠢ ᠥᠷᠭᠡᠳᠭᠡᠵᠦ᠂ ᠢᠲᠡᠭᠡᠮᠵᠢᠲᠦ ᠵᠢᠭᠡᠯᠡᠯᠭᠡ ᠶᠢᠨ ᠳᠦᠭᠦᠮᠴᠢᠯᠡᠭᠰᠡᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠶᠠᠨ ᠤ ᠬᠡᠪᠴᠢᠶᠡᠨ ᠤ ᠭᠠᠵᠠᠷ ᠣᠷᠣᠨ ᠳᠤ ᠴᠢᠭᠯᠡᠭᠦᠯᠦᠨ ᠲᠥᠷᠥ ᠶᠢᠨ ᠪᠣᠳᠣᠯᠭ᠎ᠠ ᠪᠠᠷ ᠲᠡᠳᠭᠦᠨ ᠲᠡᠮᠵᠢᠬᠦ ᠠᠵᠢᠯ ᠢ ᠦᠷᠨᠢᠭᠦᠯᠵᠦ᠂ ᠮᠦᠩᠭᠦᠨ ᠭᠦᠢᠯᠭᠡᠭᠡᠨ ᠤ ᠦᠢᠯᠡᠴᠢᠯᠡᠭᠡ ᠶᠢᠨ ᠬᠠᠮᠤᠷᠬᠤ ᠬᠡᠪᠴᠢᠶ᠎ᠡ ᠶᠢ ᠥᠷᠭᠡᠳᠭᠡᠨ᠎ᠡ᠃ ᠡᠯ᠎ᠡ ᠵᠦᠢᠯ ᠤᠨ ᠬᠡᠯᠪᠡᠷᠢᠲᠦ ᠪᠡᠯᠡ ᠲᠣᠬᠢᠷᠠᠭᠤᠯᠭ᠎ᠠ ᠶᠢᠨ ᠵᠠᠯᠭᠠᠯᠳᠤᠭᠤᠯᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠥᠷᠢ ᠥᠭᠴᠢᠭᠡ ᠶᠢ ᠳᠠᠬᠢᠵᠤ ᠵᠣᠬᠢᠶᠠᠨ ᠪᠠᠶᠢᠭᠤᠯᠬᠤ ᠶᠢ ᠠᠬᠢᠭᠤᠯᠤᠨ᠂ ᠠᠵᠤ ᠠᠬᠤᠶᠢᠯᠠᠯ ᠤᠨ ᠵᠦᠢ ᠪᠤᠰᠤ ᠵᠢᠭᠡᠯᠡᠯᠭᠡ ᠶᠢ ᠢᠳᠡᠪᠬᠢᠲᠡᠢ ᠰᠢᠢᠳᠪᠦᠷᠢᠯᠡᠵᠦ᠂ ᠡᠳ᠋ ᠬᠦᠷᠦᠩᠭᠡ ᠶᠢᠨ ᠲᠡᠮᠲᠡᠭᠲᠦᠴᠢᠯᠡᠬᠦ ᠲᠣᠬᠠᠶᠢᠯᠠᠭᠰᠠᠨ ᠠᠵᠢᠯ ᠤᠨ ᠬᠥᠭᠵᠢᠯᠲᠡ ᠶᠢ ᠳᠡᠮᠵᠢᠵᠦ᠂ ᠪᠡᠯᠡ ᠮᠦᠩᠭᠦ ᠲᠤᠬᠢᠷᠠᠭᠤᠯᠤᠨ ᠳᠦᠬᠦᠷᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ︵ᠵᠢᠷᠭᠤᠭ᠎ᠠ︶ ᠠᠵᠤ ᠠᠬᠤᠶᠢᠯᠠᠯ ᠤᠨ ᠭᠠᠶᠢᠯᠢ ᠲᠤᠰᠢᠶᠠᠬᠤ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃      1. ᠭᠠᠶᠢᠯᠢ ᠲᠤᠰᠢᠶᠠᠬᠤ ᠪᠠ ᠭᠠᠶᠢᠯᠢ ᠶᠢ ᠨᠢ ᠪᠤᠴᠠᠭᠠᠬᠤ ᠠᠵᠢᠯ ᠤᠨ ᠭᠦᠢᠴᠡᠳᠭᠡᠬᠦ ᠴᠠᠭ ᠤᠨ ᠬᠢᠵᠠᠭᠠᠷ ᠢ ᠨᠢ ᠪᠤᠭᠤᠨᠢᠰᠬᠠᠨ᠎ᠠ᠃ ᠣᠷᠣᠨ ᠪᠦᠰᠡ ᠠᠯᠤᠰᠯᠠᠨ ᠰᠢᠯᠵᠢᠭᠰᠡᠨ ᠭᠠᠶᠢᠯᠢ ᠲᠤᠰᠢᠶᠠᠭᠴᠢᠳ ᠤᠨ ᠲᠣᠬᠠᠶᠢᠯᠠᠭᠰᠠᠨ ᠠᠵᠢᠯ ᠭᠦᠢᠴᠡᠳᠭᠡᠬᠦ ᠴᠤᠪᠤᠷᠠᠯ ᠢ ᠳᠦᠭᠦᠮᠴᠢᠯᠡᠵᠦ᠂ ᠭᠠᠶᠢᠯᠢ ᠶᠢᠨ ᠠᠵᠢᠯ ᠬᠡᠷᠡᠭ ᠭᠦᠢᠴᠡᠳᠭᠡᠬᠦ ᠵᠦᠢᠯᠡᠰ ᠤᠨ ︽ᠶᠡᠬᠡᠳᠡᠬᠦ ᠳᠤ ᠪᠠᠨ ᠨᠢᠭᠡ ᠤᠳᠠᠭ᠎ᠠ ᠣᠴᠢᠵᠤ ᠭᠦᠢᠴᠡᠳᠭᠡᠬᠦ︾ ︽ᠪᠦᠬᠦ ᠶᠠᠪᠤᠴᠠ ᠶᠢ ᠰᠦᠯᠵᠢᠶ᠎ᠡ ᠪᠠᠷ ᠭᠦᠢᠴᠡᠳᠭᠡᠬᠦ︾ ᠨᠠᠷᠢᠨ ᠬᠠᠭᠤᠳᠠᠰᠤ ᠶᠢ ᠬᠡᠷᠡᠭᠵᠢᠭᠦᠯᠦᠨ᠎ᠡ᠃ ᠭᠠᠶᠢᠯᠢ ᠶᠢᠨ ᠶᠠᠪᠤᠳᠠᠯ ᠤᠨ ᠳᠠᠩᠰᠠᠯᠠᠨ ᠲᠡᠮᠲᠡᠭᠯᠡᠬᠦ ᠵᠡᠷᠭᠡ 6 ᠲᠦᠷᠦᠯ ᠤᠨ ᠵᠦᠢᠯᠡᠰ ᠢ ᠪᠦᠬᠦ ᠣᠷᠣᠨ ᠳᠤ ᠨᠡᠶᠢᠳᠡᠮ ᠭᠦᠢᠴᠡᠳᠭᠡᠬᠦ ᠶᠢ ᠪᠡᠶᠡᠯᠡᠭᠦᠯᠵᠦ᠂ ᠮᠤᠵᠢ ᠠᠯᠤᠰᠯᠠᠨ ᠡᠵᠡᠩᠨᠡᠭᠰᠡᠨ ᠠᠵᠤ ᠠᠬᠤᠶᠢᠯᠠᠯ ᠳᠤ ᠭᠠᠶᠢᠯᠢ ᠲᠠᠢ ᠬᠤᠯᠪᠣᠭᠳᠠᠭᠰᠠᠨ ᠮᠡᠳᠡᠭᠡ ᠵᠠᠩᠭᠢ ᠶᠢᠨ ᠮᠡᠳᠡᠭᠦᠯᠦᠯᠲᠡ ᠬᠠᠩᠭᠠᠬᠤ ᠵᠡᠷᠭᠡ 4 ᠲᠦᠷᠦᠯ ᠤᠨ 15 ᠵᠦᠢᠯ ᠲᠠᠢ ᠭᠠᠶᠢᠯᠢ ᠶᠢᠨ ᠵᠦᠢᠯᠡᠰ ᠢ ᠪᠦᠬᠦ ᠤᠯᠤᠰ ᠲᠤ ᠨᠡᠶᠢᠳᠡᠮ ᠭᠦᠢᠴᠡᠳᠭᠡᠬᠦ ᠪᠣᠯᠭᠠᠨ᠎ᠠ᠃ ᠭᠠᠶᠢᠯᠢ ᠭᠦᠢᠴᠡᠳᠭᠡᠬᠦ ᠶᠢᠨ ︽ᠢᠵᠢ ᠬᠡᠯᠪᠡᠷᠢ︾ ᠶᠢᠨ ᠦᠢᠯᠡᠴᠢᠯᠡᠭᠡ ᠶᠢ ᠬᠡᠷᠡᠭᠵᠢᠭᠦᠯᠵᠦ᠂ ᠣᠯᠠᠨ ᠲᠦᠷᠦᠯ ᠤᠨ ᠵᠦᠢᠯᠡᠰ ᠢ ᠨᠢᠭᠡ ᠯᠡ ᠤᠳᠠᠭ᠎ᠠ ᠳᠤ ᠭᠦᠢᠴᠡᠳᠭᠡᠵᠦ ᠳᠠᠭᠤᠰᠬᠠᠨ᠎ᠠ᠃      2. ᠭᠠᠶᠢᠯᠢ ᠶᠢᠨ ᠠᠵᠢᠯ ᠬᠡᠷᠡᠭ ᠢ ᠭᠦᠢᠴᠡᠳᠭᠡᠬᠦ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ︽ᠠᠷᠠᠳ ᠤᠨ ᠭᠠᠶᠢᠯᠢ ᠤᠨ ᠠᠵᠢᠯ ᠬᠡᠷᠡᠭ ᠭᠦᠢᠴᠡᠳᠭᠡᠬᠦ ᠳᠤ ᠳᠦᠭᠦᠮ ᠦᠵᠡᠭᠦᠯᠬᠦ ᠤᠷᠢᠬᠠᠨ ᠰᠠᠯᠬᠢᠲᠦ ᠠᠵᠢᠯᠯᠠᠭ᠎ᠠ︾ ᠶᠢ ᠭᠦᠨᠵᠡᠭᠡᠢ ᠦᠷᠨᠢᠭᠦᠯᠦᠨ᠎ᠡ᠃ ᠡᠮᠦᠨ᠎ᠡ ᠲᠠᠪᠴᠠᠩ ᠪᠣᠯᠣᠨ ᠠᠷᠤ ᠲᠠᠯ᠎ᠠ ᠶᠢᠨ ᠲᠣᠬᠠᠶᠢᠯᠠᠭᠰᠠᠨ ᠠᠵᠢᠯ ᠤᠨ ᠠᠭᠤᠰᠤᠯᠴᠠᠬᠤ ᠶᠢ ᠠᠬᠢᠭᠤᠯᠵᠤ᠂ ᠭᠠᠶᠢᠯᠢ ᠶᠢᠨ ᠠᠵᠢᠯ ᠬᠡᠷᠡᠭ ᠢ ᠭᠦᠢᠴᠡᠳᠭᠡᠬᠦ ᠦᠢᠯᠡᠴᠢᠯᠡᠭᠡᠨ ᠤ ᠲᠠᠩᠬᠢᠮ ᠳᠤ ᠭᠠᠶᠢᠯᠢ ᠶᠢᠨ ᠲᠣᠬᠠᠶᠢᠯᠠᠭᠰᠠᠨ ᠠᠵᠢᠯ ᠢ ︽ᠨᠢᠭᠡ ᠲᠠᠩᠬᠢᠮ ᠳᠤ ᠨᠡᠶᠢᠳᠡᠮ ᠭᠦᠢᠴᠡᠳᠭᠡᠵᠦ︾ ᠪᠣᠯᠬᠤ ᠶᠢ ᠪᠡᠶᠡᠯᠡᠭᠦᠯᠦᠨ᠎ᠡ᠃ ᠭᠠᠶᠢᠯᠢ ᠶᠢᠨ ᠠᠵᠢᠯ ᠬᠡᠷᠡᠭ ᠢ ᠭᠦᠢᠴᠡᠳᠭᠡᠬᠦ ᠦᠢᠯᠡᠴᠢᠯᠡᠭᠡᠨ ᠤ ᠲᠠᠩᠬᠢᠮ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠭᠤᠣᠯᠳᠠᠯᠭ᠎ᠠ ᠲᠠᠢ ᠠᠰᠠᠭᠤᠳᠠᠯ ᠢ ᠴᠠᠭ ᠲᠣᠬᠠᠢ ᠳᠤ ᠨᠢ ᠴᠡᠭᠴᠡᠯᠡᠨ ᠰᠠᠶᠢᠵᠢᠷᠠᠭᠤᠯᠤᠨ᠎ᠠ᠃      3. ᠣᠯᠠᠨ ᠡᠰᠢᠲᠦ ᠭᠠᠶᠢᠯᠢ ᠶᠢᠨ ᠠᠵᠢᠯ ᠬᠡᠷᠡᠭ ᠭᠦᠢᠴᠡᠳᠭᠡᠬᠦ ᠠᠷᠭ᠎ᠠ ᠵᠠᠮ ᠢ ᠪᠠᠶᠢᠭᠤᠯᠤᠨ᠎ᠠ᠃ ᠰᠦᠯᠵᠢᠶᠡᠨ ᠳᠡᠭᠡᠷ᠎ᠡ ᠴᠠᠭ ᠲᠣᠬᠠᠢ ᠲᠤ ᠨᠢ ᠭᠠᠶᠢᠯᠢ ᠲᠤᠰᠢᠶᠠᠬᠤ ᠲᠣᠬᠠᠶᠢᠯᠠᠭᠰᠠᠨ ᠠᠵᠢᠯ ᠢ ᠨᠡᠭᠡᠭᠡᠨ ᠡᠬᠢᠯᠡᠭᠦᠯᠵᠦ᠂ ᠪᠠᠷᠢᠮᠲᠠ ᠶᠢ ᠰᠦᠯᠵᠢᠶ᠎ᠡ ᠪᠠᠷ ᠭᠤᠶᠤᠴᠢᠯᠠᠨ ᠠᠪᠬᠤ ᠶᠢ ᠶᠡᠭᠡ ᠪᠠᠷ ᠬᠡᠷᠡᠭᠵᠢᠭᠦᠯᠦᠨ᠂ ᠦᠪᠡᠰᠦᠪᠡᠨ ᠭᠠᠶᠢᠯᠢ ᠲᠤᠰᠢᠶᠠᠬᠤ ᠦᠢᠯᠡᠴᠢᠯᠡᠭᠡ ᠶᠢ ᠳᠡᠯᠭᠡᠷᠡᠭᠦᠯᠦᠨ᠎ᠡ᠃ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠭᠠᠶᠢᠯᠢ ᠶᠢᠨ ᠠᠵᠢᠯ ᠬᠡᠷᠡᠭ ᠢ ᠭᠦᠢᠴᠡᠳᠭᠡᠬᠦ ᠦᠢᠯᠡᠴᠢᠯᠡᠭᠡ ᠶᠢ ᠺᠣᠮᠫᠢᠦᠲ᠋ᠧᠷᠴᠢᠯᠡᠬᠦ᠂ ᠡᠯᠧᠺᠲᠷᠣᠨ ᠪᠤᠳᠠᠳᠤ ᠴᠤᠭᠴᠠ ᠶᠢ ᠴᠢᠨᠠᠷ ᠢᠵᠢᠯᠢᠰᠢᠭᠦᠯᠬᠦ᠂ ᠳᠦᠭᠦᠮ ᠳᠦᠳᠡᠴᠢᠯᠡᠨ ᠤᠶᠤᠨᠴᠢᠯᠠᠬᠤ ᠶᠢ ᠪᠡᠶᠡᠯᠡᠭᠦᠯᠦᠨ᠎ᠡ᠃ ᠭᠠᠶᠢᠯᠢ ᠲᠠᠲᠠᠪᠤᠷᠢᠯᠠᠬᠤ ᠪᠠ ᠲᠤᠰᠢᠶᠠᠬᠤ ᠶᠢ ᠨᠡᠪᠲᠡᠷᠡᠯᠴᠡᠭᠦᠯᠦᠭᠰᠡᠨ ᠦᠢᠯᠡᠴᠢᠯᠡᠭᠡᠨ ᠤ ᠲᠠᠪᠴᠠᠩ ᠢ ᠴᠤᠭᠴᠠᠯᠠᠨ ᠪᠠᠶᠢᠭᠤᠯᠵᠤ᠂ ᠠᠰᠠᠭᠤᠨ ᠯᠠᠪᠯᠠᠬᠤ ᠤᠶᠤᠨᠴᠢ ᠦᠢᠯᠡᠴᠢᠯᠡᠭᠡᠨ ᠤ ᠵᠠᠭᠪᠤᠷ ᠲᠤ ᠰᠢᠨ᠎ᠡ ᠶᠢ ᠡᠭᠦᠳᠦᠨ᠎ᠡ᠃      4. ᠭᠠᠶᠢᠯᠢ ᠲᠤᠰᠢᠶᠠᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠭᠦᠨᠵᠡᠭᠡᠶᠢᠷᠡᠭᠦᠯᠦᠨ᠎ᠡ᠃ ᠭᠠᠶᠢᠯᠢ ᠲᠤᠰᠢᠶᠠᠭᠴᠢᠳ ᠤᠨ ᠰᠡᠳᠬᠢᠯ ᠬᠠᠨᠤᠮᠵᠢᠲᠠᠢ ᠪᠠᠶᠢᠬᠤ ᠬᠡᠮᠵᠢᠶ᠎ᠡ ᠶᠢ ᠪᠠᠶᠢᠴᠠᠭᠠᠨ ᠰᠤᠳᠤᠯᠬᠤ ᠪᠠ ᠬᠡᠷᠡᠭᠴᠡᠭᠡ ᠱᠠᠭᠠᠷᠳᠠᠯᠭ᠎ᠠ ᠶᠢ ᠨᠢ ᠬᠤᠷᠢᠶᠠᠨ ᠴᠤᠭᠯᠠᠭᠤᠯᠵᠤ ᠣᠶᠢᠯᠠᠭᠠᠬᠤ ᠠᠵᠢᠯ ᠢ ᠦᠷᠨᠢᠭᠦᠯᠵᠦ᠂ ᠭᠠᠶᠢᠯᠢ ᠲᠤᠰᠢᠶᠠᠭᠴᠢᠳ ᠤᠨ ᠬᠡᠷᠡᠭᠴᠡᠭᠡ ᠱᠠᠭᠠᠷᠳᠠᠯᠭ᠎ᠠ ᠳᠤ ᠤᠷᠤᠮᠵᠢᠭᠤᠯᠤᠨ ᠬᠠᠮᠢᠶᠠᠷᠬᠤ ᠵᠠᠭᠪᠤᠷ ᠢ ᠪᠠᠶᠢᠭᠤᠯᠵᠤ᠂ ᠭᠠᠶᠢᠯᠢ ᠲᠤᠰᠢᠶᠠᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠥᠷᠭᠡᠨ ᠳᠡᠯᠭᠡᠷ ᠢᠶᠠᠷ ᠬᠤᠷᠢᠶᠠᠨ ᠴᠤᠭᠯᠠᠭᠤᠯᠵᠤ ᠣᠶᠢᠯᠠᠭᠠᠬᠤ᠂ ᠰᠢᠨᠵᠢᠯᠡᠬᠦ ᠤᠬᠠᠭᠠᠨᠴᠢ ᠪᠠᠷ ᠵᠠᠳᠠᠯᠬᠤ᠂ ᠵᠦᠢ ᠵᠣᠬᠢᠰᠲᠠᠢ ᠬᠡᠷᠡᠭᠯᠡᠬᠦ᠂ ᠥᠳᠲᠡᠷ ᠲᠥᠷᠭᠡᠨ ᠳᠠᠭᠠᠬᠤ ᠲᠤᠰᠠᠭᠠᠷ ᠬᠠᠷᠢᠭᠤᠯᠲᠠ ᠲᠠᠢ ᠬᠠᠮᠢᠶᠠᠷᠤᠯᠲᠠ ᠶᠢ ᠪᠡᠶᠡᠯᠡᠭᠦᠯᠦᠨ᠂ ᠭᠠᠶᠢᠯᠢ ᠲᠤᠰᠢᠶᠠᠭᠴᠢᠳ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠳᠤ ᠴᠠᠭ ᠲᠣᠬᠠᠢ ᠳᠤ ᠨᠢ ᠬᠠᠷᠢᠭᠤ ᠲᠤᠰᠬᠠᠵᠤ᠂ ᠭᠠᠶᠢᠯᠢ ᠲᠤᠰᠢᠶᠠᠭᠴᠢᠳ ᠤᠨ ᠵᠦᠢ ᠶᠤᠰᠤᠨ ᠤ ᠭᠠᠶᠢᠯᠢ ᠳᠤ ᠬᠤᠯᠪᠣᠭᠳᠠᠭᠰᠠᠨ ᠬᠦᠰᠡᠯ ᠱᠠᠭᠠᠷᠳᠠᠯᠭ᠎ᠠ ᠶᠢ ᠨᠢ ᠬᠦᠨᠳᠦᠳᠭᠡᠨ᠎ᠡ᠃      ︵ᠳᠤᠯᠤᠭ᠎ᠠ︶ ᠠᠵᠤ ᠠᠬᠤᠶᠢᠯᠠᠯ ᠤᠨ ᠬᠢᠯᠢ ᠠᠯᠤᠰᠯᠠᠨ ᠠᠷᠠᠯᠵᠢᠶᠠᠯᠠᠬᠤ ᠪᠠ ᠪᠡᠯᠡ ᠣᠷᠤᠭᠤᠯᠬᠤ ᠳᠤ ᠳᠦᠭᠦᠮ ᠠᠪᠰᠠᠷᠬᠠᠨ ᠢᠶᠠᠷ ᠭᠦᠢᠴᠡᠳᠭᠡᠬᠦ ᠶᠢ ᠳᠡᠭᠡᠭᠰᠢᠯᠡᠭᠦᠯᠦᠨ᠎ᠡ᠃      1. ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠯᠲᠠ ᠶᠢ ᠠᠰᠢᠭᠯᠠᠬᠤ ᠪᠠᠨ ᠥᠷᠭᠡᠳᠭᠡᠨ᠎ᠡ᠃ ︽ᠭᠠᠳᠠᠭᠠᠳᠤ ᠳᠤ ᠨᠡᠭᠡᠭᠡᠯᠲᠡ ᠬᠢᠬᠦ ᠶᠢ ᠥᠷᠭᠡᠳᠭᠡᠵᠦ ᠭᠠᠳᠠᠭᠠᠲᠤ ᠪᠡᠯᠡ ᠶᠢ ᠢᠳᠡᠪᠬᠢᠲᠡᠢ ᠠᠰᠢᠭᠯᠠᠬᠤ ᠠᠷᠭ᠎ᠠ ᠬᠡᠮᠵᠢᠶ᠎ᠡ ᠨᠦᠭᠦᠳ ᠤᠨ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠭᠠᠳᠠᠭᠠᠳᠤ ᠪᠡᠯᠡ ᠶᠢᠨ ᠵᠥᠪᠰᠢᠶᠡᠷᠡᠨ ᠣᠷᠤᠭᠤᠯᠬᠤ ᠬᠢᠵᠠᠭᠠᠷᠯᠠᠯ ᠢ ᠠᠭᠤᠵᠢᠭᠤ ᠲᠠᠯᠪᠢᠵᠤ᠂ ᠭᠤᠣᠯᠳᠠᠯᠭ᠎ᠠ ᠲᠠᠢ ᠣᠷᠣᠨ ᠪᠦᠰᠡ ᠳᠠᠬᠢ ᠭᠠᠳᠠᠭᠠᠳᠤ ᠪᠡᠯᠡ ᠶᠢ ᠠᠰᠢᠭᠯᠠᠬᠤ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠦᠨ᠎ᠡ᠃ ᠤᠯᠤᠰ ᠠᠯᠤᠰᠯᠠᠭᠰᠠᠨ ᠺᠤᠮᠫᠠᠨᠢ ᠶᠢᠨ ᠣᠷᠣᠨ ᠤ ᠲᠤᠳᠤᠭᠠᠲᠤ ᠳᠠᠬᠢ ᠬᠥᠭᠵᠢᠯᠲᠡ ᠶᠢ ᠠᠬᠢᠭᠤᠯᠵᠤ᠂ ᠭᠠᠳᠠᠭᠠᠲᠤ ᠪᠡᠯᠡ ᠶᠢᠨ ᠠᠵᠤ ᠠᠬᠤᠶᠢᠯᠠᠯ ᠤᠨ ᠬᠢᠨ ᠤ ᠣᠷᠣᠨ ᠤ ᠳᠤᠲᠤᠷ᠎ᠠ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠶᠢ ᠨᠢ ᠵᠣᠷᠢᠬᠵᠢᠭᠤᠯᠵᠤ᠂ ᠬᠢᠯᠢ ᠶᠢᠨ ᠭᠠᠳᠠᠨᠠᠬᠢ ᠪᠡᠯᠡ ᠣᠷᠤᠭᠤᠯᠤᠯᠲᠠ ᠠᠵᠤ ᠠᠬᠤᠢ ᠠᠷᠠᠯᠵᠢᠶ᠎ᠠ ᠶᠢᠨ ᠬᠠᠮᠲᠤᠷᠠᠨ ᠠᠵᠢᠯᠯᠠᠭᠰᠠᠳ ᠤᠨ ᠲᠣᠣᠷ ᠰᠦᠯᠵᠢᠶ᠎ᠡ ᠶᠢ ᠲᠦᠷᠭᠡᠳᠭᠡᠨ ᠪᠠᠶᠢᠭᠤᠯᠤᠨ᠎ᠠ᠃      2. ᠠᠷᠠᠯᠵᠢᠶ᠎ᠠ ᠶᠢᠨ ᠳᠦᠭᠦᠮ ᠠᠪᠰᠠᠷᠬᠠᠨ ᠢᠶᠠᠷ ᠭᠦᠢᠴᠡᠳᠭᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠠᠳᠠᠭᠠᠳᠤ ᠠᠷᠠᠯᠵᠢᠶ᠎ᠠ ᠶᠢᠨ ᠡᠵᠡᠩᠨᠡᠭᠴᠢ ᠶᠢ ᠪᠦᠷᠢᠳᠭᠡᠨ ᠲᠡᠮᠲᠡᠭᠯᠡᠬᠦ ᠶᠢᠨ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾ ᠲᠣᠬᠠᠶᠢᠯᠠᠭᠰᠠᠨ ᠠᠵᠢᠯ ᠢ ᠬᠢᠨᠠᠮᠠᠭᠠᠢ ᠦᠷᠨᠢᠭᠦᠯᠵᠦ᠂ ︽ᠨᠢᠭᠡ ᠯᠡ ᠬᠦᠰᠦᠨᠦᠭᠲᠦ ᠂ ᠨᠢᠭᠡ ᠯᠡ ᠴᠤᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠬᠦ︾ ᠵᠠᠭᠪᠤᠷ ᠢ ᠪᠦᠬᠦ ᠲᠠᠯ᠎ᠠ ᠪᠠᠷ ᠳᠡᠯᠭᠡᠷᠡᠭᠦᠯᠦᠨ᠎ᠡ᠃ ᠬᠢᠯᠢ ᠶᠢᠨ ᠪᠤᠭᠤᠮᠲᠠ ᠶᠢᠨ ᠮᠡᠳᠡᠭᠡ ᠵᠠᠩᠬᠢᠵᠢᠯᠠᠬᠤ ᠬᠢᠷᠢ ᠲᠥᠪᠰᠢᠨ ᠢ ᠳᠡᠭᠡᠭᠰᠢᠯᠡᠭᠦᠯᠵᠦ᠂ ᠪᠤᠭᠤᠮᠲᠠ ᠪᠠᠷ ᠨᠡᠪᠲᠡᠷᠡᠬᠦ ᠶᠢ ᠬᠢᠨᠠᠨ ᠬᠠᠮᠢᠶᠠᠷᠬᠤ ᠴᠤᠪᠤᠷᠠᠯ ᠢ ᠨᠢ ᠰᠢᠯᠢᠳᠡᠭᠵᠢᠭᠦᠯᠦᠨ᠎ᠡ᠃ ᠭᠠᠳᠠᠭᠠᠳᠤ ᠠᠴᠠ ᠣᠷᠤᠭᠤᠯᠬᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠤᠨ ᠪᠤᠭᠤᠮᠲᠠ᠂ ᠦᠢᠯᠡᠳᠪᠦᠷᠢ ᠬᠤᠳᠠᠯᠳᠤᠭ᠎ᠠ ᠳᠤ ᠣᠯᠠᠨᠲᠠ ᠮᠡᠳᠡᠭᠦᠯᠬᠦ ᠶᠢ ᠨᠡᠶᠢᠯᠡᠭᠦᠯᠦᠨ ᠨᠢᠭᠡ ᠪᠣᠯᠭᠠᠬᠤ ᠶᠢ ᠬᠡᠷᠡᠭᠵᠢᠭᠦᠯᠵᠦ᠂ ᠺᠣᠮᠫᠢᠦᠲᠷᠴᠢᠯᠡᠨ ᠠᠵᠢᠯᠯᠠᠵᠤ ᠭᠦᠢᠴᠡᠳᠭᠡᠬᠦ ᠶᠢ ᠳᠡᠯᠭᠡᠷᠡᠭᠦᠯᠵᠦ᠂ ᠬᠠᠭᠤᠳᠠᠰᠤ ᠪᠠᠷᠢᠮᠲᠠ ᠲᠤᠰᠢᠶᠠᠬᠤ ᠠᠷᠭ᠎ᠠ ᠬᠡᠯᠪᠡᠷᠢ ᠶᠢ ᠰᠢᠯᠢᠳᠡᠭᠵᠢᠭᠦᠯᠦᠨ᠂ ᠦᠨᠡᠮᠯᠡᠯ ᠭᠦᠢᠴᠡᠳᠭᠡᠬᠦ ᠴᠠᠭ ᠤᠨ ᠬᠢᠵᠠᠭᠠᠷ ᠢ ᠪᠦᠬᠦ ᠲᠠᠯ᠎ᠠ ᠪᠠᠷ ᠪᠤᠭᠤᠨᠢᠰᠬᠠᠨ᠎ᠠ᠃      3. ᠭᠠᠳᠠᠭᠠᠲᠤ ᠪᠡᠯᠡ ᠶᠢᠨ ᠠᠵᠤ ᠠᠬᠤᠶᠢᠯᠠᠯ ᠤᠨ ᠪᠠᠲᠤᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠡᠷᠬᠡ ᠲᠡᠭᠰᠢ ᠪᠠᠷ ᠦᠷᠢᠰᠦᠯᠳᠦᠬᠦ ᠣᠷᠴᠢᠨ ᠨᠦᠬᠦᠴᠡᠯ ᠢ ᠤᠯᠠᠮ ᠨᠢᠭᠡ ᠠᠯᠬᠤᠮ ᠡᠭᠦᠳᠴᠦ᠂ ᠭᠠᠳᠠᠭᠠᠲᠤ ᠪᠡᠯᠡ ᠶᠢᠨ ᠠᠵᠤ ᠠᠬᠤᠶᠢᠯᠠᠯ ᠤᠨ ᠮᠡᠳᠡᠯᠭᠡ ᠦᠮᠴᠢᠯᠡᠬᠦ ᠡᠷᠬᠡ ᠶᠢ ᠴᠢᠩᠭ᠎ᠠ ᠬᠠᠮᠠᠭᠠᠯᠠᠨ᠎ᠠ᠃ ᠬᠠᠷᠢ ᠨᠤᠲᠤᠭ ᠲᠠᠢ ᠴᠢᠳᠠᠪᠤᠷᠢᠲᠠᠨ ᠢ ᠣᠷᠤᠭᠤᠯᠤᠨ ᠠᠪᠴᠢᠷᠠᠬᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠬᠠᠷᠢ ᠨᠤᠲᠤᠭ ᠲᠠᠢ ᠴᠢᠳᠠᠪᠤᠷᠢᠲᠠᠨ ᠤ ᠬᠢᠯᠢ ᠪᠠᠷ ᠣᠷᠤᠵᠤ ᠭᠠᠷᠬᠤ ᠳᠤ ᠳᠦᠭᠦᠮ ᠦᠵᠡᠭᠦᠯᠦᠨ᠎ᠡ᠃ ︽ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠭᠰᠠᠨ ᠠᠵᠤ ᠠᠬᠤᠶᠢᠯᠠᠯ ᠤᠨ ᠵᠠᠭᠠᠯᠳᠤᠯᠭ᠎ᠠ ᠬᠢᠬᠦ ᠠᠵᠢᠯ ᠤᠨ ᠲᠦᠷ ᠬᠡᠷᠡᠭᠵᠢᠭᠦᠯᠬᠦ ᠠᠷᠭ᠎ᠠ︾ ᠶᠢ ᠨᠠᠶᠢᠳᠠᠪᠤᠷᠢᠵᠢᠭᠤᠯᠵᠤ᠂ ᠭᠠᠳᠠᠭᠠᠲᠤ ᠶᠢᠨ ᠬᠤᠳᠠᠯᠳᠤᠭᠠᠴᠢᠨ ᠤ ᠵᠠᠭᠠᠯᠳᠤᠯᠭ᠎ᠠ ᠬᠢᠬᠦ ᠲᠣᠭᠲᠠᠴᠠ ᠶᠢ ᠲᠡᠭᠦᠯᠳᠡᠷᠵᠢᠭᠦᠯᠦᠨ᠂ ᠳᠤᠪᠤᠶᠢᠮ᠎ᠠ ᠠᠰᠠᠭᠤᠳᠠᠯ ᠤᠳ ᠢ ᠴᠠᠭ ᠲᠣᠬᠠᠢ ᠳᠤ ᠨᠢ ᠵᠦᠪᠳᠡᠯᠴᠡᠵᠦ ᠰᠢᠢᠳᠪᠦᠷᠢᠯᠡᠨ᠎ᠡ᠃      ︵ᠨᠠᠢᠮᠠ︶ ᠠᠵᠤ ᠠᠬᠤᠶᠢᠯᠠᠯ ᠤᠨ ᠠᠵᠢᠯᠯᠠᠭᠠᠨ ᠤ ᠦᠪᠡᠷ ᠤᠨ ᠥᠷᠲᠡᠭ ᠢ ᠨᠢ ᠪᠠᠭᠤᠷᠠᠭᠤᠯᠤᠨ᠎ᠠ᠃      1. ᠠᠵᠤ ᠠᠬᠤᠶᠢᠯᠠᠯ ᠤᠨ ᠦᠢᠯᠡᠳᠪᠦᠷᠢᠯᠡᠯ ᠤᠨ ᠦᠪᠡᠷ ᠤᠨ ᠥᠷᠲᠡᠭ ᠢ ᠨᠢ ᠪᠠᠭᠤᠷᠠᠭᠤᠯᠤᠨ᠎ᠠ᠃ ᠦᠪᠦᠷ ᠮᠣᠩᠭᠤᠯ ᠤᠨ ᠪᠠᠷᠠᠭᠤᠨ᠂ ᠵᠡᠭᠦᠨ ᠬᠡᠰᠡᠭ ᠤᠨ ᠭᠠᠵᠠᠷ ᠣᠷᠣᠨ ᠤ ᠴᠠᠬᠢᠯᠭᠠᠨ ᠬᠦᠴᠦᠨ ᠤ ᠠᠷᠠᠯᠵᠢᠶ᠎ᠠ ᠶᠢᠨ ᠵᠠᠬ᠎ᠠ ᠳᠡᠯᠭᠡᠭᠦᠷᠴᠢᠯᠡᠬᠦ ᠬᠡᠮᠵᠢᠶ᠎ᠡ ᠶᠢ ᠦᠷᠭᠦᠯᠵᠢᠯᠡᠨ ᠥᠷᠭᠡᠳᠭᠡᠵᠦ᠂ ᠳᠠᠮᠵᠢᠭᠤᠯᠤᠨ ᠳᠥᠬᠡᠭᠡᠬᠦ ᠴᠠᠬᠢᠯᠭᠠᠨ ᠤ ᠦᠨ᠎ᠡ ᠬᠠᠩᠰᠢ ᠳᠤ ᠦᠭᠡᠷᠡᠴᠢᠯᠡᠯᠲᠡ ᠬᠢᠬᠦ ᠲᠣᠷᠰᠢᠯᠲᠠ ᠶᠢᠨ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠮᠠᠨ ᠤ ᠣᠷᠣᠨ ᠤ ᠠᠵᠤ ᠦᠢᠯᠡᠳᠪᠦᠷᠢ ᠶᠢᠨ ᠬᠥᠭᠵᠢᠯᠲᠡ ᠶᠢᠨ ᠰᠢᠰᠲ᠋ᠧᠮᠵᠢ ᠳᠤ ᠲᠣᠬᠢᠷᠠᠭᠰᠠᠨ ᠴᠠᠬᠢᠯᠭᠠᠨ ᠤ ᠦᠨ᠎ᠡ ᠬᠠᠩᠰᠢ ᠶᠢᠨ ᠲᠣᠭᠲᠠᠴᠠ ᠶᠢ ᠰᠦᠪᠡᠭᠴᠢᠯᠡᠨ᠎ᠡ᠃ ᠡᠩ ᠤᠨ ᠦᠢᠯᠡᠳᠪᠦᠷᠢ ᠬᠤᠳᠠᠯᠳᠤᠭᠠᠨ ᠳᠤ ᠬᠡᠷᠡᠭᠯᠡᠬᠦ ᠴᠠᠬᠢᠯᠭᠠᠨ ᠤ ᠦᠨ᠎ᠡ ᠬᠠᠩᠰᠢ ᠶᠢ ᠡᠮᠬᠢ ᠵᠢᠷᠤᠮ ᠲᠠᠢ ᠪᠠᠷ ᠪᠠᠭᠤᠷᠠᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠡᠷᠡᠭᠯᠡᠬᠦ ᠴᠠᠬᠢᠯᠭᠠᠨ ᠤ ᠦᠨᠳᠦᠰᠦᠨ ᠰᠦᠢᠳᠭᠡᠯ ᠢ ᠵᠢᠷᠤᠮᠵᠢᠭᠤᠯᠤᠨ᠎ᠠ᠃ ᠭᠠᠵᠠᠷ ᠰᠢᠷᠤᠢ ᠶᠢ ᠡᠷᠴᠢᠮᠵᠢᠭᠦᠯᠦᠨ ᠬᠡᠷᠡᠭᠯᠡᠬᠦ ᠶᠢ ᠵᠣᠷᠢᠬᠵᠢᠭᠤᠯᠬᠤ ᠲᠦᠷᠦᠯ ᠤᠨ ᠠᠵᠤ ᠦᠢᠯᠡᠰ ᠤᠨ ᠲᠦᠷᠦᠯ ᠵᠦᠢᠯ ᠳᠤ ᠡᠩ ᠲᠡᠷᠢᠭᠦᠨ ᠳᠤ ᠭᠠᠵᠠᠷ ᠰᠢᠷᠤᠢ ᠬᠠᠩᠭᠠᠵᠤ᠂ ᠭᠠᠵᠠᠷ ᠰᠢᠷᠤᠢ ᠶᠢᠨ ᠦᠨ᠎ᠡ ᠬᠠᠩᠰᠢ ᠶᠢ ᠵᠦᠢ ᠵᠣᠬᠢᠰᠲᠠᠢ ᠲᠣᠭᠲᠠᠭᠠᠨ᠎ᠠ᠃      2. ᠠᠵᠤ ᠠᠬᠤᠶᠢᠯᠠᠯ ᠳᠤ ᠬᠤᠯᠪᠣᠭᠳᠠᠬᠤ ᠭᠠᠶᠢᠯᠢ ᠰᠦᠢᠳᠭᠡᠯ ᠢ ᠦᠷᠭᠦᠯᠵᠢᠯᠡᠨ ᠬᠠᠰᠤᠵᠤ ᠬᠦᠩᠭᠡᠯᠡᠨ᠎ᠡ᠃ ᠠᠵᠤ ᠠᠬᠤᠶᠢᠯᠠᠯ ᠤᠨ ᠭᠠᠶᠢᠯᠢ ᠶᠢᠨ ᠳᠠᠷᠤᠭᠠᠰᠤ ᠶᠢ ᠨᠢ ᠤᠯᠠᠮ ᠨᠢᠭᠡ ᠠᠯᠬᠤᠮ ᠬᠦᠩᠭᠡᠯᠡᠵᠦ᠂ ᠡᠯ᠎ᠡ ᠵᠦᠢᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠨᠢ ᠠᠬᠢᠭᠤᠯᠤᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠬᠡᠰᠡᠭ ᠰᠠᠭᠤᠷᠢ ᠮᠦᠩᠭᠦ ᠪᠣᠯᠣᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠰᠦᠢᠳᠭᠡᠯ ᠤᠨ ᠪᠠᠷᠢᠮᠵᠢᠶ᠎ᠠ ᠶᠢ ᠪᠠᠭᠤᠷᠠᠭᠤᠯᠵᠤ᠂ ᠬᠤᠲᠠ ᠶᠢᠨ ᠳᠦᠬᠦᠷᠵᠢᠭᠦᠯᠦᠭᠰᠡᠨ ᠰᠦᠢᠳᠭᠡᠯ ᠬᠤᠷᠢᠶᠠᠬᠤ ᠪᠠᠷᠢᠮᠵᠢᠶ᠎ᠠ ᠶᠢ ᠳᠠᠬᠢᠵᠤ ᠰᠢᠨ᠎ᠡ ᠪᠠᠷ ᠲᠣᠭᠲᠠᠭᠠᠨ᠂ ᠦᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠰᠦᠢᠳᠭᠡᠯ ᠬᠤᠷᠢᠶᠠᠬᠤ ᠲᠦᠷᠦᠯ ᠵᠦᠢᠯ ᠳᠤ ᠰᠦᠢᠳᠭᠡᠯ ᠬᠤᠷᠢᠶᠠᠬᠤ ᠦᠭᠡᠢ ᠬᠠᠷᠠᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠵᠠᠰᠠᠭ ᠤᠨ ᠣᠷᠳᠣᠨ ᠠᠴᠠ ᠦᠢᠯᠡᠴᠢᠯᠡᠭᠡᠨ ᠤ ᠴᠢᠨᠠᠷᠲᠠᠢ ᠰᠦᠢᠳᠭᠡᠯ ᠤᠨ ᠦᠨ᠎ᠡ ᠬᠠᠩᠰᠢ ᠶᠢ ᠲᠣᠭᠲᠠᠭᠠᠬᠤ ᠲᠦᠷᠦᠯ ᠵᠦᠢᠯ ᠢ ᠠᠯᠬᠤᠮ ᠠᠯᠬᠤᠮ ᠢᠶᠠᠷ ᠪᠠᠭᠠᠰᠬᠠᠵᠤ᠂ ᠠᠵᠤ ᠠᠬᠤᠶᠢᠯᠠᠯ ᠳᠤ ᠬᠤᠯᠪᠣᠭᠳᠠᠬᠤ ᠰᠦᠢᠳᠭᠡᠯ ᠤᠨ ᠨᠠᠷᠢᠨ ᠬᠠᠭᠤᠳᠠᠰᠤ ᠶᠢᠨ ᠳᠦᠷᠢᠮ ᠢ ᠲᠡᠭᠦᠯᠳᠡᠷᠵᠢᠭᠦᠯᠦᠨ᠂ ᠰᠦᠢᠳᠭᠡᠯ ᠬᠤᠷᠢᠶᠠᠬᠤ ᠠᠵᠢᠯᠯᠠᠭ᠎ᠠ ᠶᠢ ᠵᠢᠷᠤᠮᠵᠢᠭᠤᠯᠤᠨ᠎ᠠ᠃      3. ᠬᠦᠮᠦᠨ ᠤ ᠬᠦᠴᠦᠨ ᠤ ᠦᠪᠡᠷ ᠤᠨ ᠥᠷᠲᠡᠭ ᠢ ᠦᠷᠭᠦᠯᠵᠢᠯᠡᠨ ᠪᠠᠭᠤᠷᠠᠭᠤᠯᠤᠨ᠎ᠠ᠃ ᠦᠷᠡᠵᠢᠯ ᠤᠨ ᠳᠠᠭᠠᠳᠬᠠᠯ ᠪᠣᠯᠣᠨ ᠡᠮᠴᠢᠯᠡᠭᠡᠨ ᠤ ᠦᠨᠳᠦᠰᠦᠨ ᠳᠠᠭᠠᠳᠬᠠᠯ ᠢ ᠨᠡᠶᠢᠯᠡᠭᠦᠯᠦᠨ ᠬᠡᠷᠡᠭᠵᠢᠭᠦᠯᠬᠦ ᠲᠣᠷᠰᠢᠯᠲᠠ ᠶᠢᠨ ᠠᠵᠢᠯ ᠢ ᠢᠳᠡᠪᠬᠢᠲᠡᠢ ᠰᠦᠪᠡᠭᠴᠢᠯᠡᠨ᠎ᠡ᠃ ᠠᠵᠢᠯ ᠠᠴᠠ ᠪᠤᠯᠤᠭᠰᠠᠨ ᠭᠡᠮᠲᠦᠯ ᠤᠨ ᠳᠠᠭᠠᠳᠬᠠᠯ᠂ ᠠᠵᠢᠯ ᠠᠯᠳᠠᠭᠰᠠᠳ ᠤᠨ ᠳᠠᠭᠠᠳᠬᠠᠯ ᠤᠨ ᠰᠦᠢᠳᠭᠡᠯ ᠨᠤᠷᠮ᠎ᠠ ᠶᠢ ᠦᠷᠭᠦᠯᠵᠢᠯᠡᠨ ᠪᠠᠭᠤᠷᠠᠭᠤᠯᠤᠨ᠎ᠠ᠃ ᠠᠵᠢᠯ ᠠᠯᠳᠠᠭᠰᠠᠳ ᠤᠨ ᠳᠠᠭᠠᠳᠬᠠᠯ ᠢ ᠬᠠᠮᠠᠭᠠᠯᠠᠵᠤ ᠪᠠᠲᠤᠯᠠᠬᠤ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠦᠷᠨᠢᠭᠦᠯᠵᠦ᠂ ᠲᠥᠷᠥ ᠶᠢᠨ ᠪᠣᠳᠣᠯᠭ᠎ᠠ ᠶᠢ ᠡᠮᠬᠢ ᠵᠢᠷᠤᠮ ᠲᠠᠢ ᠲᠣᠭᠲᠠᠭᠤᠨ ᠢᠶᠠᠷ ᠨᠠᠶᠢᠳᠠᠪᠤᠷᠢᠵᠢᠭᠤᠯᠬᠤ ᠶᠢ ᠨᠢ ᠦᠨᠡᠨ ᠬᠦ ᠪᠠᠲᠤᠯᠠᠨ᠎ᠠ᠃      4. ᠠᠵᠤ ᠠᠬᠤᠶᠢᠯᠠᠯ ᠤᠨ ᠦᠨ᠎ᠡ ᠬᠠᠩᠰᠢ ᠲᠣᠭᠲᠠᠭᠠᠬᠤ ᠡᠷᠬᠡ ᠤᠨ ᠬᠢᠵᠠᠭᠠᠷ ᠢ ᠥᠷᠭᠡᠳᠭᠡᠨ᠎ᠡ᠃ ᠴᠢᠯᠦᠭᠡᠲᠡᠢ ᠪᠠᠶᠢᠯᠭᠠᠵᠤ ᠳᠡᠶᠢᠯᠬᠦ ᠶᠢ ᠨᠢ ᠴᠢᠳᠠᠬᠤ ᠶᠢᠨ ᠲᠤᠳᠤᠷ᠎ᠠ ᠴᠢᠯᠦᠭᠡᠲᠡᠢ ᠪᠠᠶᠢᠯᠭᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠦᠨ᠎ᠡ ᠬᠠᠩᠰᠢ ᠲᠣᠭᠲᠠᠭᠠᠬᠤ ᠲᠠᠯ᠎ᠠ ᠪᠠᠷ ᠬᠢ ᠡᠵᠡ ᠮᠡᠳᠡᠬᠦ ᠡᠷᠬᠡ ᠶᠢ ᠨᠢ ᠭᠦᠢᠴᠡᠳ ᠢᠯᠡᠷᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠎ᠡ᠃ ︽ᠦᠪᠦᠷ ᠮᠣᠩᠭᠤᠯ ᠤᠨ ᠦᠪᠡᠷᠲᠡᠭᠡᠨ ᠵᠠᠰᠬᠠᠤ ᠣᠷᠣᠨ ᠤ ᠦᠨ᠎ᠡ ᠬᠠᠩᠰᠢ ᠲᠣᠭᠲᠠᠭᠠᠬᠤ ᠭᠠᠷᠴᠠᠭ︾ ᠲᠤ ᠪᠠᠶᠢᠩᠭᠤ ᠵᠠᠰᠠᠪᠤᠷᠢ ᠣᠷᠤᠭᠤᠯᠵᠤ᠂ ᠵᠠᠰᠠᠭ ᠤᠨ ᠣᠷᠳᠣᠨ ᠤ ᠲᠣᠬᠢᠷᠠᠭᠤᠯᠵᠤ ᠡᠵᠡᠮᠳᠡᠬᠦ ᠡᠭᠦᠷᠭᠡ ᠴᠢᠳᠠᠪᠤᠷᠢ ᠶᠢ ᠨᠡᠩ ᠰᠠᠶᠢᠨ ᠪᠠᠳᠠᠷᠠᠭᠤᠯᠤᠨ᠎ᠠ᠃ ᠦᠨ᠎ᠡ ᠬᠠᠩᠰᠢ ᠶᠢᠨ ᠢᠯᠡ ᠬᠠᠳᠠᠬᠤ ᠳᠦᠷᠢᠮ ᠢ ᠨᠠᠶᠢᠳᠠᠪᠤᠷᠢᠵᠢᠭᠤᠯᠵᠤ᠂ ᠬᠡᠷᠡᠭᠯᠡᠭᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃     ᠭᠤᠷᠪᠠ᠂ ᠪᠠᠲᠤᠯᠠᠬᠤ ᠠᠷᠭ᠎ᠠ ᠬᠡᠮᠵᠢᠶ᠎ᠡ      ︵ᠨᠢᠭᠡ︶ ᠭᠤᠣᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠨᠢ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠵᠠᠰᠠᠭ ᠤᠨ ᠣᠷᠳᠣᠨ ᠠᠴᠠ ᠨᠢᠭᠡᠲᠦᠯᠲᠡᠢ ᠤᠳᠤᠷᠢᠳᠤᠭᠰᠠᠨ᠂ ᠡᠯ᠎ᠡ ᠰᠠᠯᠠᠭ᠎ᠠ ᠮᠦᠴᠢᠷ ᠨᠢ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠤᠭᠰᠠᠨ ᠠᠵᠢᠯ ᠤᠨ ᠪᠠᠶᠢᠷᠢᠰᠢᠯ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠭᠤᠣᠯ ᠴᠤᠭᠴᠠ ᠶᠢᠨ ᠦᠵᠡᠯ ᠤᠬᠠᠮᠰᠠᠷ ᠢ ᠦᠨᠡᠨ ᠬᠦ ᠴᠢᠩᠭᠠᠷᠠᠭᠤᠯᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠨ ᠭᠤᠣᠯ ᠬᠠᠷᠢᠭᠤᠴᠠᠯᠭᠠᠲᠠᠨ ᠨᠦᠬᠦᠳ ᠨᠢ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠠᠶᠢᠵᠢᠷᠠᠭᠤᠯᠬᠤ ᠠᠵᠢᠯ ᠤᠨ ︽ᠨᠢᠭᠡᠳᠦᠭᠡᠷ ᠬᠠᠷᠢᠭᠤᠴᠠᠯᠭ᠎ᠠ ᠲᠠᠢ ᠬᠦᠮᠦᠨ︾ ᠪᠣᠯᠬᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠵᠦ᠂ ᠡᠭᠦᠷᠭᠡ ᠶᠢ ᠨᠠᠶᠢᠳᠠᠪᠤᠷᠢᠵᠢᠭᠤᠯᠤᠨ ᠪᠣᠲᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃      ︵ᠬᠤᠶᠠᠷ︶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠦᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠨᠢ 8 ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠣᠨ ᠪᠠᠭᠤᠷᠠᠢ ᠭᠤᠭᠴᠤᠭ᠎ᠠ ᠶᠢᠨ ᠲᠤᠭᠤᠷᠢᠨ ᠳᠤ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠣᠯᠣᠨ ᠡᠭᠦᠷᠭᠡ ᠶᠢᠨ ᠢᠶᠠᠨ ᠶᠤᠰᠤᠭᠠᠷ᠂ 2018 ᠣᠨ ᠳᠤ ᠡᠯ᠎ᠡ ᠵᠦᠢᠯ ᠤᠨ ᠲᠤᠰᠬᠠᠢ ᠠᠵᠢᠯᠯᠠᠭᠠᠨ ᠤ ᠲᠦᠰᠦᠯ ᠢ ᠳᠠᠷᠤᠮᠠᠯᠯᠠᠨ ᠶᠠᠪᠤᠭᠤᠯᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠣᠷᠣᠨ ᠲᠣᠭᠠᠨ ᠤ ᠠᠯᠪᠠᠨ ᠭᠡᠷ ᠨᠢ ᠮᠠᠨ ᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠦᠨᠡᠯᠡᠬᠦ ᠭᠦᠢᠴᠡᠳᠭᠡᠯ ᠲᠣᠭᠠᠨ ᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠤᠨ ᠦᠨᠡᠯᠡᠨ ᠵᠢᠱᠢᠬᠦ ᠠᠵᠢᠯ ᠢ ᠦᠷᠨᠢᠭᠦᠯᠬᠦ ᠬᠡᠷᠡᠭᠲᠡᠢ᠃      ︵ᠭᠤᠷᠪᠠ︶ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠶᠢ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ ᠨᠢ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠠᠶᠢᠵᠢᠷᠠᠭᠤᠯᠬᠤ ᠠᠵᠢᠯ ᠢ ᠭᠤᠣᠯᠳᠠᠯᠭ᠎ᠠ ᠲᠠᠢ ᠰᠢᠮᠳᠠᠭᠤᠯᠤᠨ ᠪᠠᠶᠢᠴᠠᠭᠠᠬᠤ ᠬᠡᠪᠴᠢᠶᠡᠨ ᠳᠤ ᠣᠷᠤᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠭᠠᠷᠭᠠᠭᠰᠠᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠨᠡᠶᠢᠲᠡᠯᠡᠭᠰᠡᠨ ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠰᠬᠠᠶᠢᠯᠠᠨ ᠰᠢᠮᠳᠠᠭᠤᠯᠤᠨ ᠪᠠᠶᠢᠴᠠᠭᠠᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯ ᠪᠣᠯᠬᠤ ᠰᠠᠯᠠᠭ᠎ᠠ ᠮᠦᠴᠢᠷ ᠪᠣᠯᠣᠨ ᠦᠢᠯᠡᠴᠢᠯᠡᠭᠡᠨ ᠤ ᠨᠢᠭᠡᠴᠢ ᠳᠤ ᠡᠳᠦᠷ ᠲᠤᠳᠤᠮ ᠤᠨ ᠰᠢᠮᠳᠠᠭᠤᠯᠤᠨ ᠪᠠᠶᠢᠴᠠᠭᠠᠬᠤ ᠠᠵᠢᠯ ᠢ ᠦᠷᠨᠢᠭᠦᠯᠵᠦ᠂ ᠦᠭᠡᠷᠡᠴᠢᠯᠡᠯᠲᠡ ᠶᠢᠨ ᠡᠭᠦᠷᠭᠡ ᠪᠠᠨ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃      ︵ᠳᠥᠷᠪᠡ︶ ᠤᠬᠠᠭᠤᠯᠤᠨ ᠲᠠᠨᠢᠯᠴᠠᠭᠤᠯᠬᠤ ᠶᠢ ᠴᠢᠩᠭᠠᠳᠬᠠᠨ᠎ᠠ᠃ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠬᠤ᠂ ᠲᠤᠰᠬᠠᠢ ᠮᠡᠷᠭᠡᠵᠢᠯᠲᠡᠨ ᠲᠠᠢ ᠰᠤᠷᠪᠤᠯᠵᠢᠯᠠᠨ ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠰᠢᠨ᠎ᠡ ᠲᠥᠷᠥ ᠶᠢᠨ ᠪᠣᠳᠣᠯᠭ᠎ᠠ ᠶᠢ ᠤᠬᠠᠭᠤᠯᠬᠤ ᠪᠠ ᠲᠠᠶᠢᠯᠪᠤᠷᠢᠯᠠᠬᠤ ᠠᠵᠢᠯ ᠢ ᠦᠷᠨᠢᠭᠦᠯᠦᠨ᠂ ᠲᠥᠷᠥ ᠶᠢᠨ ᠪᠣᠳᠣᠯᠭ᠎ᠠ ᠶᠢᠨ ᠲᠣᠬᠠᠢ ᠣᠶᠢᠯᠠᠭᠠᠯᠲᠠ ᠪᠣᠯᠣᠨ ᠬᠡᠷᠡᠭᠯᠡᠭᠡᠨ ᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠪᠣᠯᠣᠨ ᠨᠡᠶᠢᠭᠡᠮ ᠤᠨ ᠬᠢᠨ ᠤ ᠰᠠᠨᠠᠯ ᠢᠶᠠᠨ ᠲᠤᠰᠬᠠᠬᠤ ᠵᠠᠮ ᠮᠥᠷ ᠢ ᠨᠢ ᠥᠷᠭᠡᠳᠭᠡᠵᠦ᠂ ᠣᠯᠠᠨ ᠲᠦᠮᠡᠨ ᠢ ᠭᠦᠨᠵᠡᠭᠡᠢ ᠳᠠᠶᠢᠴᠢᠯᠠᠵᠤ ᠪᠠᠶᠢᠭᠠᠳ ᠦᠷ᠎ᠡ ᠨᠦᠯᠦᠭᠡ ᠶᠢ ᠦᠨᠡᠯᠡᠬᠦ ᠠᠵᠢᠯ ᠳᠤ ᠣᠷᠤᠯᠴᠠᠭᠤᠯᠵᠤ᠂ ᠬᠠᠮᠲᠤ ᠪᠠᠷ ᠠᠷᠭ᠎ᠠ ᠰᠦᠪᠡᠭᠴᠢᠯᠡᠵᠦ ᠬᠠᠮᠲᠤ ᠪᠠᠷ ᠪᠠᠶᠢᠭᠤᠯᠵᠤ᠂ ᠬᠠᠮᠲᠤ ᠪᠠᠷ ᠬᠠᠮᠢᠶᠠᠷᠴᠤ ᠬᠠᠮᠲᠤ ᠳᠤ ᠪᠠᠨ ᠬᠦᠷᠲᠡᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠨᠡᠶᠢᠭᠡᠮ ᠳᠠᠶᠠᠭᠠᠷ ᠬᠠᠮᠲᠤ ᠪᠠᠷ ᠰᠢᠯᠢᠳᠡᠭᠵᠢᠭᠦᠯᠬᠦ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃      ᠳᠠᠭᠠᠯᠳᠤᠭᠤᠯᠤᠯ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠡᠭᠦᠷᠭᠡ ᠳᠠᠬᠢ ᠠᠵᠢᠯ ᠤᠨ ᠬᠤᠪᠢᠶᠠᠷᠢᠯᠠᠯ ᠤᠨ ᠬᠦᠰᠦᠨᠦᠭᠲᠦ           ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ           ᠨᠦᠬᠦᠴᠡᠯ ᠢ ᠰᠢᠯᠢᠳᠡᠭᠵᠢᠭᠦᠯᠬᠦ ᠡᠭᠦᠷᠭᠡ ᠳᠠᠬᠢ ᠠᠵᠢᠯ ᠤᠨ ᠬᠤᠪᠢᠶᠠᠷᠢᠯᠠᠯ ᠤᠨ ᠬᠦᠰᠦᠨᠦᠭᠲᠦ ᠳᠠᠭᠠᠯᠳᠤᠭᠤᠯᠤᠯ  ᠬᠦᠰᠦᠨᠦᠭᠲᠦ                                   ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ