12 ᠳ᠋ᠤᠭᠠᠷ ᠰᠠᠷ᠎ᠡ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ | ᠠᠬᠠᠮᠠᠳ ᠺᠠᠳ᠋ᠷᠴᠤᠳ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠦᠬᠡᠬᠤᠲᠠ ᠳᠤ ᠬᠤᠷᠠᠯᠳᠤᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠵᠤᠬᠢᠶᠠᠨ ᠪᠠᠶᠢᠭᠤᠯᠬᠤ | ᠬᠡᠯᠳᠡᠰ ᠤᠨ ᠲᠠᠷᠤᠭ᠎ᠠ᠂ ᠦᠪᠡᠷᠳᠡᠭᠡᠨ ᠵᠠᠰᠠᠬᠤ ᠤᠷᠤᠨ ᠤ ᠠᠬᠠᠮᠠᠳ ᠺᠠᠳ᠋ᠷᠴᠤᠳ ᠤᠨ ᠠᠵᠢᠯ ᠤᠨ ᠤᠳᠤᠷᠢᠳᠬᠤ | ᠳᠤᠭᠤᠶᠢᠯᠠᠩ ᠤᠨ ᠲᠠᠷᠤᠭ᠎ᠠ ᠽᠧᠩ ᠢ ᠴᠦᠨ ᠬᠤᠷᠠᠯ ᠢ ᠡᠷᠬᠢᠯᠡᠭᠰᠡᠨ ᠪᠦᠭᠡᠳ ᠶᠠᠷᠢᠶ᠎ᠡ ᠲᠠᠯᠪᠢᠪᠠ᠃ ᠦᠪᠡᠷᠳᠡᠭᠡᠨ | ᠵᠠᠰᠠᠬᠤ ᠤᠷᠤᠨ ᠤ ᠲᠡᠳ᠋ ᠲᠠᠷᠢᠬᠦᠯᠡᠭᠴᠢ᠂ ᠦᠪᠡᠷᠳᠡᠭᠡᠨ ᠵᠠᠰᠠᠬᠤ ᠤᠷᠤᠨ ᠤ ᠠᠬᠠᠮᠠᠳ ᠺᠠᠳ᠋ᠷᠴᠤᠳ ᠤᠨ ᠠᠵᠢᠯ ᠤᠨ | ᠤᠳᠤᠷᠢᠳᠬᠤ ᠳᠤᠭᠤᠶᠢᠯᠠᠩ ᠤᠨ ᠲᠡᠳ᠋ ᠲᠠᠷᠤᠭ᠎ᠠ ᠡᠸᠤ ᠶᠠᠩ ᠰᠢᠶᠤᠤ ᠬᠤᠢ ᠬᠤᠷᠠᠯ ᠳᠤ ᠤᠷᠤᠯᠴᠠᠵᠠᠢ᠃ | ᠽᠧᠩ ᠢ ᠴᠦᠨ ᠴᠢᠬᠤᠯᠠᠴᠢᠯᠠᠭᠰᠠᠨ ᠨᠢ᠂ ᠰᠢᠨ᠎ᠡ ᠴᠠᠭ ᠦᠶ᠎ᠡ ᠶᠢᠨ ᠠᠬᠠᠮᠠᠳ ᠺᠠᠳ᠋ᠷᠴᠤᠳ ᠤᠨ ᠠᠵᠢᠯ ᠢ | ᠰᠠᠶᠢᠲᠤᠷ ᠬᠢᠬᠦ ᠳᠤ ᠶᠡᠷᠤᠩᠭᠡᠢ ᠱᠦᠵᠢ ᠰᠢ ᠶᠢᠨ ᠫᠢᠩ ᠤᠨ ᠠᠬᠠᠮᠠᠳ ᠺᠠᠳ᠋ᠷᠴᠤᠳ ᠤᠨ ᠠᠵᠢᠯ ᠤᠨ ᠲᠤᠬᠠᠢ | ᠴᠢᠬᠤᠯᠠ ᠦᠬᠦᠯᠡᠯᠳᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠷᠭᠡᠨ ᠤᠯᠠᠨ ᠠᠬᠠᠮᠠᠳ ᠨᠦᠬᠦᠳ ᠢ | ᠬᠦᠮᠦᠵᠢᠭᠦᠯᠦᠨ ᠵᠢᠯᠤᠭᠤᠳᠴᠤ ︽ᠲᠦᠷᠪᠡᠨ ᠤᠬᠠᠮᠰᠠᠷ︾ ᠢ ᠪᠠᠳᠤ ᠪᠤᠢ ᠪᠤᠯᠭᠠᠵᠤ᠂ ︽ᠲᠦᠷᠪᠡᠨ ᠢᠳᠡᠭᠡᠯ︾ ᠢ | ᠪᠠᠳᠤᠳᠬᠠᠵᠤ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠬᠦᠯᠬᠦ ᠬᠡᠷᠡᠭᠳᠡᠢ︔ ᠠᠵᠢᠯ ᠳᠤ ᠪᠠᠨ ᠰᠡᠳᠬᠢᠯ | ᠲᠠᠯᠪᠢᠵᠤ᠂ ᠰᠡᠳᠬᠢᠯᠭᠡ ᠡᠪᠦᠷᠯᠡᠵᠦ᠂ ᠬᠦᠴᠤ ᠲᠠᠯᠪᠢᠵᠤ ᠰᠠᠶᠢᠲᠤᠷ ᠬᠢᠵᠤ᠂ ᠦᠨᠡᠨ ᠰᠡᠳᠬᠢᠯ ᠠᠴᠠ ᠪᠠᠨ ᠠᠬᠠᠮᠠᠳ | ᠺᠠᠳ᠋ᠷᠴᠤᠳ ᠲᠤ ᠲᠠᠯᠠᠷᠬᠠᠵᠤ᠂ ᠠᠬᠠᠮᠡᠳ ᠺᠠᠳ᠋ᠷᠴᠤᠳ ᠢ ᠬᠦᠨᠳᠦᠳᠭᠡᠨ ᠬᠠᠶᠢᠷᠠᠯᠠᠵᠤ᠂ ᠬᠡᠬᠦᠳᠡᠭ ᠲᠦᠬᠦᠷᠡᠩ | ᠬᠠᠯᠠᠭᠤᠨ ᠰᠡᠳᠬᠢᠯᠭᠡ ᠪᠠᠷ ᠠᠬᠠᠮᠡᠳ ᠺᠠᠳ᠋ᠷᠴᠤᠳ ᠲᠤ ᠦᠢᠯᠡᠴᠢᠯᠡᠵᠤ᠂ ᠠᠬᠠᠮᠡᠳ ᠨᠦᠬᠦᠳ ᠢ ᠦᠲᠡᠯᠦᠭᠡ | ᠨᠠᠰᠤ ᠪᠠᠨ ᠰᠡᠳᠬᠢᠯ ᠲᠠᠶᠢᠪᠤᠩ ᠰᠤᠪᠢᠯᠠᠵᠤ᠂ ᠦᠳᠡᠯᠦᠭᠡ ᠨᠠᠰᠤᠨ ᠳᠤ ᠪᠠᠨ ᠨᠡᠩ ᠵᠤᠯ ᠵᠢᠷᠭᠠᠯᠳᠠᠢ ᠪᠠᠶᠢᠯᠭᠠᠬᠤ | ᠬᠡᠷᠡᠭᠳᠠᠢ︔ ᠨᠠᠷᠢᠯᠢᠭ ᠤᠨᠤᠪᠴᠢᠳᠠᠢ ᠤᠨᠤᠯᠵᠢᠬᠤᠨ ᠢ ᠪᠤᠢ ᠪᠤᠯᠭᠠᠵᠤ᠂ ᠠᠬᠠᠮᠠᠳ ᠨᠦᠬᠦᠳ ᠢ ᠤᠯᠤᠰ ᠲᠦᠷᠦ ᠶᠢᠨ | ᠲᠠᠯ᠎ᠡ ᠪᠠᠷ ᠬᠦᠨᠳᠦᠳᠭᠡᠬᠦ᠂ ᠦᠵᠡᠯ ᠰᠠᠨᠠᠭᠠᠨ ᠤ ᠲᠠᠯ᠎ᠡ ᠪᠠᠷ ᠬᠠᠯᠠᠮᠵᠢᠯᠠᠬᠤ᠂ ᠠᠮᠢᠳᠤᠷᠠᠯ ᠤᠨ ᠲᠠᠯ᠎ᠡ ᠪᠠᠷ | ᠬᠠᠷᠠᠭᠠᠯᠵᠠᠬᠤ ᠶᠢ ᠪᠤᠲᠠᠲᠠᠢ ᠳᠤ ᠨᠠᠶᠢᠳᠠᠪᠤᠷᠢᠵᠢᠭᠤᠯᠬᠤ ᠬᠡᠷᠡᠭᠳᠠᠢ︔ ᠠᠬᠠᠮᠠᠳ ᠺᠠᠳ᠋ᠷᠴᠤᠳ ᠤᠨ ᠠᠵᠢᠯ ᠤᠨ ᠵᠤᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠤᠨᠴᠠᠭᠠᠶᠢᠯᠠᠨ ᠰᠢᠨ᠎ᠡ ᠵᠢᠯ ᠴᠠᠭᠠᠨ ᠰᠠᠷ᠎ᠡ ᠶᠢᠨ | ᠬᠤᠭᠤᠴᠠᠭᠠᠨ ᠳᠤ ᠠᠵᠢᠯ ᠠᠴᠠ ᠪᠠᠨ ᠪᠠᠭᠤᠭᠰᠠᠨ ᠠᠵᠢᠯ ᠠᠴᠠ ᠪᠠᠨ ᠠᠮᠠᠷᠠᠬᠰᠡᠨ ᠺᠠᠳ᠋ᠷ ᠢ ᠪᠤᠯᠭᠤᠭᠠᠨ | ᠲᠤᠬᠤᠨᠢᠭᠤᠯᠬᠤ ᠠᠵᠢᠯ ᠢ ᠨᠠᠷᠢᠨ ᠬᠢᠨᠠᠮᠠᠭᠠᠢ ᠵᠤᠬᠢᠶᠠᠨ ᠪᠠᠶᠢᠭᠤᠯᠤᠨ ᠰᠠᠶᠢᠲᠤᠷ ᠦᠷᠨᠢᠬᠦᠯᠵᠤ᠂ ᠠᠬᠠᠮᠠᠳ | ᠨᠦᠬᠦᠳ ᠲᠤ ᠨᠠᠮ ᠪᠤᠯᠤᠨ ᠵᠠᠰᠠᠭ ᠤᠨ ᠤᠷᠳᠤᠨ ᠤ ᠬᠠᠯᠠᠭᠤᠨ ᠲᠤᠯᠠᠭᠠᠨ ᠬᠠᠶᠢᠷ᠎ᠠ ᠬᠠᠯᠠᠮᠵᠢᠯᠠᠯ ᠢ ᠬᠦᠢᠴᠡᠳ | ᠮᠡᠳᠡᠷᠡᠬᠦᠯᠬᠦ ᠭᠡᠷᠡᠭᠳᠠᠢ ᠭᠡᠵᠡᠢ᠃ |