ᠡᠷᠢᠶᠡᠨ ᠬᠤᠲᠠ ᠠᠵᠢᠯ ᠣᠯᠭᠤᠬᠤ ᠳᠤ ᠲᠤᠰᠠᠯᠠᠬᠤ ᠡᠷᠴᠢᠮ ᠢᠶᠠᠨ ᠴᠢᠩᠭᠠᠯᠠᠵᠤ ᠬᠦᠴᠢᠷᠳᠡᠯᠲᠡᠢ ᠪᠦᠯᠦᠭᠯᠡᠯ ᠳᠤ ᠠᠵᠢᠯ ᠣᠯᠬᠤ ᠶᠢ ᠪᠡᠶᠡᠯᠡᠭᠦᠯᠵᠦ ᠪᠤᠢ
ᠨᠡᠶᠢᠲᠡᠯᠡᠭᠰᠡᠨ ᠴᠠᠭ᠄
2018/12/28
     ᠨᠢᠭᠡ ᠳᠤ ᠠᠵᠢᠯ ᠠᠯᠳᠠᠬᠤ ᠶᠢ ᠰᠡᠷᠡᠮᠵᠢᠯᠡᠭᠦᠯᠦᠨ ᠡᠵᠡᠮᠳᠡᠬᠦ ᠲᠣᠭᠲᠠᠴᠠ ᠶᠢ ᠢᠳᠡᠪᠬᠢᠲᠡᠢ ᠪᠠᠶᠢᠭᠤᠯᠵᠤ᠂ ᠠᠵᠢᠯ ᠣᠯᠭᠤᠯᠲᠠ ᠶᠢᠨ ᠪᠠᠶᠢᠳᠠᠯ ᠢ ᠠᠬᠢᠭᠤᠯᠤᠨ ᠲᠣᠭᠲᠠᠪᠤᠷᠢᠵᠢᠭᠤᠯᠵᠤ ᠪᠤᠢ᠃ 30 ᠭᠠᠷᠤᠢ ᠬᠢᠨᠠᠨ ᠬᠡᠮᠵᠢᠬᠦ ᠠᠵᠤ ᠠᠬᠤᠶᠢᠯᠠᠯ ᠢ ᠲᠣᠭᠲᠠᠭᠠᠵᠤ᠂ ᠳᠠᠩᠰᠠ ᠪᠠᠶᠢᠭᠤᠯᠬᠤ ᠬᠤᠭᠤᠴᠠᠭᠠᠨ ᠤ ᠡᠴᠦᠰ ᠲᠤ 1374᠎  ᠬᠥᠮᠥᠨ ᠳᠤ ᠠᠵᠢᠯ ᠣᠯᠭᠤᠵᠤ᠂  ᠪᠠᠶᠢᠴᠠᠭᠠᠬᠤ ᠬᠤᠭᠤᠴᠠᠭᠠᠨ ᠤ ᠡᠴᠦᠰ ᠲᠤ1367 ᠬᠥᠮᠥᠨ ᠳᠤ ᠠᠵᠢᠯ ᠣᠯᠭᠤᠵᠤ᠂ ᠠᠵᠢᠯ ᠣᠯᠭᠤᠯᠲᠠ ᠶᠢᠨ ᠪᠠᠶᠢᠳᠠᠯ ᠨᠡᠯᠢᠶᠡᠳ ᠲᠣᠭᠲᠠᠭᠤᠨ ᠪᠣᠯᠪᠠ᠃ ᠬᠤᠶᠠᠷ ᠲᠤ ᠠᠵᠢᠯ ᠠᠯᠳᠠᠭᠰᠠᠳ ᠤᠨ ᠠᠮᠢᠳᠤᠷᠠᠯ ᠢ ᠪᠠᠲᠤᠯᠠᠵᠤ ᠪᠤᠢ᠃ ᠬᠤᠲᠠ ᠪᠠᠯᠭᠠᠰᠤᠨ ᠤ ᠡᠯ᠎ᠡ ᠲᠥᠷᠥᠯ ᠤᠨ ᠠᠵᠢᠯ ᠠᠯᠳᠠᠭᠰᠠᠳ ᠤᠨ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠬᠤ ᠶᠢᠨ ᠲᠥᠯᠥᠭᠡ᠂ 171 ᠠᠵᠢᠯ ᠠᠯᠳᠠᠭᠰᠠᠳ ᠲᠤ 110.61 ᠲᠦᠮᠡᠨ ᠲᠦᠬᠦᠷᠢᠭ ᠤᠨ ᠠᠵᠢᠯ ᠠᠯᠳᠠᠯᠲᠠ ᠶᠢᠨ ᠮᠥᠩᠭᠦ ᠣᠯᠭᠤᠪᠠ᠃ ᠭᠤᠷᠪᠠ ᠳᠤ ᠶᠠᠭ ᠠᠵᠢᠯ ᠣᠯᠭᠤᠯᠲᠠ ᠦᠭᠡᠢ ᠭᠡᠷ ᠪᠦᠯᠢ ᠶᠢ ᠲᠤᠰᠠᠯᠠᠬᠤ ᠡᠷᠴᠢᠮ ᠢ ᠴᠢᠩᠭᠠᠯᠠᠨ᠂ ᠶᠠᠭ ᠠᠵᠢᠯ ᠣᠯᠭᠤᠯᠲᠠ ᠦᠭᠡᠢ ᠭᠡᠷ ᠪᠦᠯᠢ ᠶᠢ ᠵᠢᠭᠰᠠᠭᠠᠨ ᠪᠠᠶᠢᠴᠠᠭᠠᠬᠤ ᠠᠵᠢᠯ ᠢ ᠴᠢᠩᠭᠠᠳᠬᠠᠪᠠ᠃ ᠣᠲᠣ ᠪᠣᠯᠬᠤ ᠳᠤ᠂ ᠪᠥᠬᠦ ᠬᠤᠲᠠ ᠶᠢᠨ ᠶᠠᠭ ᠠᠵᠢᠯ ᠣᠯᠭᠤᠯᠲᠠ ᠦᠭᠡᠢ ᠭᠡᠷ ᠪᠦᠯᠢ ᠦᠭᠡᠢ ᠪᠠᠶᠢᠯᠭᠠᠬᠤ ᠶᠢ ᠪᠠᠲᠤᠯᠠᠵᠤ ᠪᠤᠢ  ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号