ᠥᠪᠥᠷ ᠮᠣᠩᠭᠤᠯ ᠤᠯᠤᠰ ᠤᠨ ᠲᠤᠮᠤ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠥᠭᠡᠷᠡᠴᠢᠯᠡᠯᠲᠡ ᠶᠢᠨ ᠠᠯᠬᠤᠴᠠ ᠪᠠᠨ ᠲᠦᠷᠭᠡᠳᠬᠡᠪᠡ
ᠨᠡᠶᠢᠲᠡᠯᠡᠭᠰᠡᠨ ᠴᠠᠭ᠄
2018/12/29
     ᠣᠶᠢᠷ᠎ᠠ ᠶᠢᠨ ᠡᠳᠦᠷ ᠥᠪᠥᠷ ᠮᠣᠩᠭᠤᠯ ︽ᠥᠪᠥᠷ ᠮᠣᠩᠭᠤᠯ ᠤᠨ ᠤᠯᠤᠰ ᠤᠨ ᠲᠣᠮᠣ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ︵ᠥᠪᠥᠷ ᠨᠠᠮ ᠠᠯᠪᠠᠨ ᠲᠠᠷᠬᠠᠭᠠᠭᠰᠠᠨ ﹇2018﹈ 35 ᠳ᠋ᠤᠭᠠᠷ ᠲᠣᠭᠠᠲᠤ︶ ︵ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ ᠳᠥᠭᠦᠮᠴᠢᠯᠡᠨ᠎ᠡ︶᠎ ᠢ ᠳᠠᠷᠤᠮᠠᠯᠯᠠᠨ ᠲᠠᠷᠬᠠᠭᠠᠵᠤ᠂ 26 ᠵᠦᠢᠯ ᠤᠨ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠲᠣᠳᠣᠷᠬᠠᠶᠢᠯᠠᠭᠰᠠᠨ ᠪᠦᠭᠡᠳ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠡᠭᠦᠷᠭᠡ ᠶᠢᠨ ᠡᠬᠡ ᠳᠠᠩᠰᠠ ᠶᠢ ᠬᠠᠷᠢᠴᠠᠭᠤᠯᠤᠨ ᠲᠣᠭᠲᠠᠭᠠᠵᠤ᠂ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠬᠤ᠂ ᠦᠶ ᠤᠯᠠᠨ ᠢᠶᠠᠷ ᠢᠶᠠᠨ ᠦᠢᠯᠡᠰ ᠴᠣᠭᠴᠠᠯᠠᠵᠤ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠲᠤᠮᠤ ᠳ᠋ᠠᠶᠢᠲ᠋ᠠ ᠶᠢᠨ ᠦᠢᠯᠡᠳᠦᠯ ᠢ ᠨᠡᠩ ᠰᠠᠶᠢᠨ ᠪᠠᠳᠠᠷᠠᠭᠤᠯᠬᠤ ᠪᠠᠷ ᠵᠣᠷᠢᠯᠭ᠎ᠠ ᠪᠠᠨ ᠪᠣᠯᠭᠠᠪᠠ᠃      ᠲᠣᠰ ᠤᠳᠠᠭ᠎ᠠ ᠨᠡᠶᠢᠲᠡᠯᠡᠭᠰᠡᠨ ︽ᠬᠡᠷᠡᠭᠵᠢᠭᠦᠯᠬᠦ ᠲᠥᠰᠦᠯ︾᠎ ᠨᠢ ᠥᠪᠥᠷ ᠮᠣᠩᠭᠤᠯ ᠤᠨ ᠤᠯᠤᠰ ᠤᠨ ᠲᠤᠮᠤ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠲᠣᠭᠤᠷᠢᠨ ᠳᠤ᠂ ᠲᠤᠮᠤ ᠳ᠋ᠠᠶᠢᠲ᠋ᠠ ᠶᠢᠨ ᠬᠥᠭᠵᠢᠯᠲᠡ ᠪᠠ ᠬᠡᠷᠡᠭᠯᠡᠭᠡᠨ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠠᠯᠢ ᠤᠯᠠᠨ ᠰᠢᠨ᠎ᠡ ᠬᠠᠷᠠᠯᠲᠠ᠂ ᠰᠢᠨ᠎ᠡ ᠱᠠᠭᠠᠷᠳᠠᠯᠭ᠎ᠠ᠂ ᠰᠢᠨ᠎ᠡ ᠠᠷᠭ᠎ᠠ ᠬᠡᠮᠵᠢᠶ᠎ᠡ ᠳᠤᠷᠠᠳᠴᠤ᠂ ᠣᠯᠠᠨ ᠵᠦᠢᠯ ᠤᠨ ᠪᠠᠭ᠋ᠠᠷᠤᠮ᠎ᠠ ᠭᠢᠯᠠᠰ ᠴᠡᠭ ᠤᠨ ᠠᠭᠤᠯᠭ᠎ᠠ ᠶᠢ ᠳᠤᠷᠠᠳᠴᠠᠢ᠃      ︽ᠳᠥᠷᠪᠡ ᠶᠢ ᠪᠠᠷᠢᠮᠲᠠᠯᠠᠬᠤ︾ ᠦᠨᠳᠦᠰᠦᠨ ᠵᠠᠷᠴᠢᠮ ᠢ ᠲᠣᠳᠣᠷᠬᠠᠶᠢᠯᠠᠪᠠ᠃ ᠥᠭᠡᠷ᠎ᠡ ᠪᠠᠷ ᠬᠡᠯᠡᠪᠡᠯ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ᠂ ᠠᠯᠬᠤᠮ ᠳᠠᠷᠠᠭ᠎ᠠ ᠲᠠᠢ ᠪᠠᠷ ᠠᠬᠢᠭᠤᠯᠬᠤ ᠶᠢ ᠪᠠᠷᠢᠮᠲᠠᠯᠠᠬᠤ᠂ ᠰᠢᠨ᠎ᠡ ᠡᠭᠦᠳᠦᠯᠲᠡ ᠪᠠᠷ ᠬᠥᠭᠵᠢᠭᠡᠬᠦ ᠶᠢ ᠪᠠᠷᠢᠮᠲᠠᠯᠠᠬᠤ᠂ ᠠᠮᠤᠷ ᠲᠦᠪᠰᠢᠨ ᠢ ᠪᠠᠲᠤᠯᠠᠬᠤ ᠶᠢ ᠪᠠᠷᠢᠮᠲᠠᠯᠠᠬᠤ ᠶᠠᠪᠤᠳᠠᠯ ᠮᠦᠨ᠃ ︽ᠬᠡᠷᠡᠭᠵᠢᠭᠦᠯᠬᠦ ᠲᠥᠰᠦᠯ︾᠎ ᠳᠤ ᠴᠢᠬᠤᠯᠠᠴᠢᠯᠠᠭᠰᠠᠨ ᠨᠢ ᠲᠣᠮᠣ ᠳ᠋ᠠᠶᠢᠲ᠋ᠠ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠤᠪᠤᠶᠢᠮ᠎ᠠ ᠵᠥᠷᠢᠴᠡᠯ ᠪᠣᠯᠤᠨ ᠠᠰᠠᠭᠤᠳᠠᠯ ᠢ ᠡᠷᠴᠢᠮᠲᠡᠢ ᠰᠢᠢᠳᠪᠦᠷᠢᠯᠡᠵᠦ᠂ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠠᠵᠤ ᠦᠢᠯᠡᠰ ᠯᠦᠭᠡ ᠵᠣᠯᠭᠠᠭᠤᠯᠬᠤ᠂ ᠰᠢᠨ᠎ᠡ ᠶᠢ ᠡᠭᠦᠳᠬᠦ ᠲᠥᠷᠥᠯ ᠵᠦᠶᠯ ᠢ ᠪᠣᠳᠠᠲᠤ ᠦᠢᠯᠡᠳᠪᠦᠷᠢᠯᠡᠯ ᠤᠨ ᠬᠦᠴᠦᠨ ᠯᠦᠭᠡ ᠵᠣᠯᠭᠠᠭᠤᠯᠬᠤ᠂ ᠰᠤᠳᠤᠯᠤᠨ ᠨᠡᠭᠡᠭᠡᠬᠦ ᠠᠵᠢᠯᠲᠠᠨ ᠤ ᠰᠢᠨ᠎ᠡ ᠶᠢ ᠡᠭᠦᠳᠬᠦ ᠬᠥᠳᠡᠯᠮᠦᠷᠢ ᠶᠢ ᠲᠡᠭᠦᠨ ᠤ ᠠᠰᠢᠭ ᠣᠷᠣᠯᠭ᠎ᠠ ᠯᠤᠭ᠎ᠠ ᠵᠣᠯᠭᠠᠭᠤᠯᠬᠤ ᠶᠢ ᠲᠥᠯᠬᠢᠨ ᠠᠬᠢᠭᠤᠯᠵᠤ᠂ ᠤᠯᠤᠰ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠤᠯᠤᠰ ᠤᠨ ᠲᠣᠮᠣ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠬᠤ ᠬᠡᠷᠡᠭᠲᠡᠢ ᠭᠡᠪᠡ᠃      ᠲᠠᠪᠤᠨ ᠲᠠᠯ᠎ᠠ ᠪᠠᠷ᠂ 26 ᠵᠦᠶᠯ ᠤᠨ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠲᠣᠳᠣᠷᠬᠠᠶᠢᠯᠠᠪᠠ᠃ ᠨᠢᠭᠡ ᠳᠤ᠂ ᠰᠢᠨ᠎ᠡ ᠨᠢᠭᠡᠨ ᠦᠶ᠎ᠡ ᠶᠢᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠠᠷᠠᠬᠠᠶ ᠪᠤᠲᠠᠷᠬᠠᠶ ᠪᠠᠶᠢᠭ᠎ᠠ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠲᠥᠪ ᠢ ᠡᠮᠬᠢᠯᠡᠨ ᠨᠡᠶᠢᠯᠡᠭᠦᠯᠵᠦ᠂ ᠲᠤᠭ᠎ᠠ ᠪᠠᠷᠢᠮᠲᠠ ᠶᠢᠨ ᠲᠥᠪ ᠤᠨ ᠰᠢᠨ᠎ᠡ ᠰᠢᠰᠲ᠋ᠧᠮᠵᠢ ᠶᠢ ᠪᠠᠶᠢᠭᠤᠯᠤᠨ᠂ ᠪᠣᠬᠢᠷᠲᠤᠯ ᠦᠭᠡᠢ ᠲᠤᠭ᠎ᠠ ᠪᠠᠷᠢᠮᠲᠠ ᠶᠢᠨ ᠲᠥᠪ ᠤᠨ ᠲᠤᠷᠰᠢᠯᠲᠠ ᠶᠢ ᠥᠷᠨᠢᠭᠦᠯᠵᠦ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠴᠢᠮᠡᠭᠡ ᠬᠤᠯᠪᠣᠭᠠᠨ ᠤ ᠰᠠᠭᠤᠷᠢ ᠪᠡᠯᠡᠳᠬᠡᠮᠵᠢ ᠶᠢ ᠲᠦᠷᠭᠡᠳᠬᠡᠨ ᠪᠠᠶᠢᠭᠤᠯᠤᠨ᠎ᠠ᠃ ᠬᠤᠶᠠᠷ ᠲᠤ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠬᠠᠮᠲᠤᠪᠠᠷ ᠬᠦᠷᠲᠡᠬᠦ ᠨᠡᠬᠡᠬᠡᠯᠲᠡᠲᠦ ᠲᠣᠭᠲᠠᠴᠠ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠭᠠᠷᠴᠠᠭ ᠤᠨ ᠰᠢᠰᠲ᠋ᠧᠮᠵᠢ ᠶᠢ ᠪᠠᠶᠢᠭᠤᠯᠤᠨ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠢᠭᠡᠳᠦᠯᠲᠡᠶ ᠬᠠᠮᠢᠶᠠᠷᠬᠤ ᠲᠣᠭᠲᠠᠴᠠ ᠶᠢ ᠪᠠᠶᠢᠭᠤᠯᠤᠨ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠤᠷᠰᠢᠯᠭ᠎ᠠ ᠶᠢ ᠳᠡᠯᠭᠡᠷᠡᠭᠦᠯᠵᠦ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠨᠡᠬᠡᠬᠡᠯᠲᠡᠲᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠨᠢᠭᠡᠳᠦᠯᠲᠡᠶ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤᠪᠠᠷ ᠬᠦᠷᠲᠡᠬᠦ ᠪᠠ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠨᠡᠬᠡᠬᠡᠯᠲᠡᠲᠦ ᠲᠠᠪᠴᠠᠩ ᠤᠨ ᠰᠢᠰᠲ᠋ᠧᠮᠵᠢ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠪᠣᠯᠤᠨ ᠨᠡᠶᠢᠭᠡᠮ ᠤᠨ ᠲᠤᠭ᠎ᠠ ᠪᠠᠷᠢᠮᠲᠠ ᠶᠢ ᠠᠭᠤᠰᠤᠯᠴᠠᠭᠤᠯᠬᠤ ᠲᠣᠭᠲᠠᠴᠠ ᠶᠢ ᠪᠠᠶᠢᠭᠤᠯᠤᠨ᠎ᠠ᠃ ᠭᠤᠷᠪᠠ ᠳᠤ ᠡᠯ᠎ᠡ ᠬᠦᠷᠢᠶᠡᠨ ᠳᠤ ᠲᠤᠮᠤ ᠳ᠋ᠠᠶᠢᠲ᠋ᠠ ᠶᠢᠨ ᠰᠢᠨ᠎ᠡ ᠶᠢ ᠡᠭᠦᠳᠦᠨ ᠬᠡᠷᠡᠭᠯᠡᠬᠦ ᠶᠢ ᠭᠦᠨᠵᠡᠭᠡᠶᠢᠷᠡᠭᠦᠯᠦᠨ᠎ᠡ᠃ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠨ ᠪᠦᠷᠢᠨᠰᠢᠭᠦᠯᠵᠦ᠂ ᠨᠠᠮ ᠤᠨ ᠪᠠᠶᠢᠭᠤᠯᠤᠯᠲᠠ᠂ ᠨᠡᠶᠢᠭᠡᠮ ᠤᠨ ᠵᠠᠰᠠᠯᠲᠠ᠂ ᠨᠡᠶᠢᠲᠡ ᠶᠢᠨ ᠦᠢᠯᠡᠴᠢᠯᠡᠭᠡᠨ᠂ ᠠᠵᠤ ᠦᠢᠯᠡᠰ ᠤᠨ ᠬᠥᠭᠵᠢᠯᠲᠡ᠂ ᠰᠢᠨ᠎ᠡ ᠶᠢ ᠡᠭᠦᠳᠦᠨ ᠦᠶᠯᠡᠰ ᠴᠣᠭᠴᠠᠯᠠᠬᠤ ᠵᠡᠷᠭᠡ ᠬᠦᠷᠢᠶᠡᠨ ᠳᠤ ᠲᠤᠮᠤ ᠳ᠋ᠠᠶᠢᠲ᠋ᠠ ᠶᠢᠨ ᠰᠢᠨ᠎ᠡ ᠶᠢ ᠡᠭᠦᠳᠦᠨ ᠬᠡᠷᠡᠭᠯᠡᠬᠦ ᠶᠢ ᠶᠡᠬᠡᠪᠡᠷ ᠲᠦᠯᠬᠢᠨ ᠠᠬᠢᠭᠤᠯᠤᠨ᠎ᠠ᠃ ᠲᠦᠷᠪᠡ ᠳᠤ ᠲᠤᠮᠤ ᠳ᠋ᠠᠶᠢᠲ᠋ᠠ ᠶᠢᠨ ᠠᠵᠤ ᠦᠶᠯᠡᠰ ᠤᠨ ᠬᠥᠭᠵᠢᠯᠲᠡ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠣᠮᠣ ᠳ᠋ᠠᠶᠢᠲ᠋ᠠ ᠶᠢᠨ ᠮᠡᠷᠭᠡᠵᠢᠯ ᠤᠨ ᠪᠦᠲᠦᠭᠡᠭᠳᠡᠬᠦᠨ ᠤ ᠰᠢᠨ᠎ᠡ ᠶᠢ ᠡᠭᠦᠳᠬᠦ ᠰᠢᠰᠲ᠋ᠧᠮᠵᠢ ᠶᠢ ᠪᠠᠶᠢᠭᠤᠯᠵᠤ᠂ ᠲᠤᠮᠤ ᠳ᠋ᠠᠶᠢᠲ᠋ᠠ ᠶᠢᠨ ᠠᠵᠤ ᠦᠢᠯᠡᠰ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠤᠯᠭᠠᠭᠤᠷᠢᠯᠠᠬᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠲᠣᠮᠣ ᠳ᠋ᠠᠶᠢᠲ᠋ᠠ ᠶᠢᠨ ᠠᠵᠤ ᠦᠶᠯᠡᠰ ᠤᠨ ᠠᠮᠢ ᠠᠬᠤᠶ ᠶᠢ ᠪᠦᠷᠢᠨᠰᠢᠭᠦᠯᠦᠨ᠎ᠡ᠃ ᠲᠠᠪᠤ ᠳᠤ ᠲᠣᠮᠣ ᠳ᠋ᠠᠶᠢᠲ᠋ᠠ ᠶᠢᠨ ᠲᠦᠷᠢᠮ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠪᠠᠶᠢᠭᠤᠯᠤᠯ ᠪᠠ ᠰᠣᠯᠢᠯᠴᠠᠨ ᠬᠠᠮᠲᠤᠷᠠᠯᠴᠠᠬᠤ ᠲᠣᠭᠲᠠᠴᠠ ᠶᠢ ᠰᠢᠨᠡᠴᠢᠯᠡᠵᠦ᠂ ᠲᠣᠮᠣ ᠳ᠋ᠠᠶᠢᠲ᠋ᠠ ᠶᠢᠨ ᠬᠠᠤᠯᠢ ᠲᠣᠭᠲᠠᠭᠠᠯ ᠤᠨ ᠰᠢᠰᠲ᠋ᠧᠮᠵᠢ ᠶᠢ ᠪᠦᠷᠢᠨᠰᠢᠭᠦᠯᠵᠦ᠂ ᠲᠤᠮᠤ ᠳ᠋ᠠᠶᠢᠲ᠋ᠠ ᠶᠢᠨ ᠬᠠᠮᠢᠶ᠎ᠠ ᠪᠦᠬᠦᠢ ᠪᠠᠷᠢᠮᠵᠢᠶ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠣᠮᠣ ᠳ᠋ᠠᠶᠢᠲ᠋ᠠ ᠶᠢᠨ ᠭᠦᠢᠯᠭᠡᠭᠡᠨ ᠤ ᠰᠣᠯᠢᠯᠴᠠᠭ᠎ᠠ ᠬᠢᠬᠦ ᠲᠦᠷᠢᠮ ᠪᠠ ᠠᠮᠤᠷ ᠲᠦᠪᠰᠢᠨ ᠤ ᠪᠠᠲᠤᠯᠠᠭ᠎ᠠ ᠶᠢᠨ ᠲᠦᠷᠢᠮ ᠢ ᠪᠠᠶᠢᠭᠤᠯᠵᠤ᠂ ᠴᠢᠳᠠᠪᠤᠷᠢᠲᠠᠨ ᠤ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃      ᠥᠭᠡᠷᠡᠴᠢᠯᠡᠯᠲᠡ ᠶᠢᠨ ᠴᠠᠭ ᠤᠨ ᠬᠦᠰᠦᠨᠦᠭᠲᠦ᠂ ᠵᠠᠮ ᠱᠤᠭᠤᠮ ᠢ ᠲᠣᠳᠣᠷᠬᠠᠶᠢᠯᠠᠪᠠ᠃ ᠤᠯᠤᠰ ᠤᠨ ᠲᠣᠮᠣ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠥᠭᠡᠷᠡᠴᠢᠯᠡᠯᠲᠡ ᠶᠢᠨ ᠠᠵᠢᠯ ᠪᠣᠯ ᠨᠢᠭᠡ ᠵᠦᠢᠯ ᠤᠨ ᠪᠦᠬᠦᠯᠢ ᠴᠣᠭᠴᠠᠲᠤ ᠴᠢᠨᠠᠷ᠂ ᠰᠢᠰᠲ᠋ᠧᠮᠲᠦ ᠴᠢᠨᠠᠷ᠂ ᠬᠠᠮᠵᠢᠯᠴᠠᠬᠤ ᠴᠢᠨᠠᠷ ᠪᠦᠬᠦᠢ ᠢᠨᠵᠧᠨᠧᠷᠢᠩ ᠮᠦᠨ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠨᠡᠩ ᠰᠠᠶᠢᠨ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠭᠡᠷᠡᠴᠢᠯᠡᠯᠲᠡ ᠶᠢᠨ ᠭᠤᠤᠯᠳᠠᠯᠭ᠎ᠠ ᠲᠠᠢ ᠡᠭᠦᠷᠭᠡ ᠯᠦᠭᠡ ᠬᠠᠷᠢᠴᠠᠭᠤᠯᠤᠨ ︽ᠥᠪᠥᠷ ᠮᠣᠩᠭᠤᠯ ᠤᠨ ᠤᠯᠤᠰ ᠤᠨ ᠲᠤᠮᠤ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ︾᠎ ᠶᠢ ᠲᠣᠭᠲᠠᠭᠠᠵᠤ᠂ 38 ᠵᠦᠢᠯ ᠤᠨ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠵᠦᠢᠯᠡᠰ ᠢ ᠳᠤᠷᠠᠳᠴᠤ᠂ ᠪᠡᠶᠡᠯᠡᠭᠦᠯᠬᠦ ᠴᠠᠭ ᠤᠨ ᠬᠢᠵᠠᠭᠠᠷ᠂ ᠲᠦᠷᠦᠭᠦᠯᠡᠬᠦ ᠨᠢᠭᠡᠴᠢ ᠪᠠ ᠬᠠᠮᠵᠢᠯᠴᠠᠬᠤ ᠨᠢᠭᠡᠴᠢ ᠶᠢ ᠲᠣᠳᠣᠷᠬᠠᠶᠢᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号