ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ 2018 ᠣᠨ ᠤ 24 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/12/3


     12 ᠳ᠋ᠤᠭᠠᠷ ᠰᠠᠷ᠎ᠠ ᠶᠢᠨ 1 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠬᠠᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠭᠤᠤᠯ ᠴᠣᠭᠴᠠᠲᠤ ᠴᠢᠳᠠᠮᠵᠢ ᠶᠢᠨ ᠤᠷᠤᠨ ᠤ ᠪᠠᠶᠢᠯᠳᠤᠬᠤ ᠪᠤᠳᠤᠯᠭ᠎ᠠ ᠪᠤᠯᠤᠨ ᠲᠦᠷᠢᠮ ᠢ ᠲᠡᠭᠦᠯᠳᠡᠷᠵᠢᠭᠦᠯᠭᠦ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ᠤᠨ ᠬᠡᠷᠡᠭᠵᠢᠭᠦᠯᠭᠦ ᠲᠦᠰᠦᠯ ᠢ ᠲᠤᠭᠤᠰᠢᠯᠠᠭᠤᠯᠤᠨ ᠨᠠᠶᠢᠳᠡᠪᠦᠷᠢᠵᠢᠭᠤᠯᠬᠤ᠂ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡᠨ ᠤ ᠬᠦᠷᠢᠶᠡᠨ ᠳᠠᠬᠢ ᠦᠪᠡᠷᠳᠡᠭᠡᠨ ᠵᠠᠰᠠᠬᠤ ᠤᠷᠤᠨ ᠬᠢᠭᠡᠳ ᠠᠶᠢᠮᠠᠭ ᠬᠤᠳᠠ ᠶᠢᠨ ᠬᠠᠮᠳᠤ ᠶᠢᠨ ᠡᠳ᠋ ᠤᠨ ᠵᠠᠰᠠᠭ ᠤᠨ ᠠᠵᠢᠯ ᠡᠷᠭᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠦᠭᠡᠷᠡᠴᠢᠯᠡᠯᠳᠡ ᠶᠢᠨ ᠬᠡᠷᠡᠭᠵᠢᠭᠦᠯᠭᠦ ᠲᠦᠰᠦᠯ ᠵᠡᠷᠭᠡ ᠵᠦᠢᠯᠡᠰ ᠢ ᠰᠤᠳᠤᠯᠵᠠᠢ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠭᠤᠤᠯ ᠴᠤᠬᠴᠠ ᠶᠢᠨ ᠴᠢᠳᠠᠮᠵᠢᠳᠦ ᠤᠷᠤᠨ ᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠤ᠂ ᠭᠤᠤᠯ ᠴᠣᠭᠴᠠᠲᠤ ᠴᠢᠳᠠᠮᠵᠢ ᠶᠢᠨ ᠤᠷᠤᠨ ᠤ ᠪᠦᠳᠦᠭᠡᠨ ᠪᠠᠶᠢᠭᠤᠯᠤᠯᠳᠠ ᠶᠢ ᠠᠬᠢᠭᠤᠯᠬᠤ ᠪᠤᠯ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠲᠤᠬᠳᠠᠭᠠᠬᠰᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠰᠢᠢᠳᠪᠤᠷᠢᠳᠤ ᠪᠤᠳᠤᠯᠭ᠎ᠠ ᠪᠤᠯᠤᠨ᠎ᠠ᠂ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢ ᠨᠡᠭᠡᠭᠡᠨ ᠬᠦᠭᠵᠢᠭᠦᠯᠭᠦ ᠪᠠᠶᠢᠷᠢᠰᠢᠯ ᠢ ᠰᠢᠯᠢᠳᠡᠭᠵᠢᠭᠦᠯᠭᠦ ᠪᠠ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠳᠤ ᠴᠦᠮ ᠴᠢᠬᠤᠯᠠ ᠠᠴᠢ ᠬᠤᠯᠪᠤᠬᠳᠠᠯ ᠲᠠᠢ ᠶᠤᠮ᠃ ᠮᠠᠨ ᠤ ᠤᠷᠤᠨ ᠪᠤᠯ ᠡᠭᠡ ᠤᠯᠤᠰ ᠤᠨ ᠤᠮᠠᠷᠠᠳᠦ ᠶᠢᠨ ᠲᠠᠯᠠᠪᠠᠢ ᠪᠠᠷ ᠬᠠᠮᠤᠭ ᠤᠨ ᠶᠡᠭᠡ᠂ ᠲᠦᠷᠦᠯ ᠬᠡᠯᠪᠡᠷᠢ ᠪᠠᠷ ᠬᠠᠮᠤᠭ ᠤᠨ ᠪᠦᠷᠢᠨ ᠠᠮᠢ ᠠᠬᠤᠢ ᠶᠢᠨ ᠴᠢᠳᠠᠮᠵᠢᠳᠦ ᠤᠷᠤᠨ ᠪᠤᠯᠤᠨ᠎ᠠ᠃ ᠲᠦᠪ ᠠᠴᠠ ᠦᠪᠦᠷ ᠮᠤᠩᠭᠤᠯ ᠢ ᠮᠠᠨ ᠤ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠤᠯᠭᠠᠨ ᠪᠦᠳᠦᠭᠡᠨ ᠪᠠᠶᠢᠭᠤᠯᠬᠤ ᠬᠡᠷᠡᠭᠲᠡᠢ ᠭᠡᠰᠡᠨ ᠱᠠᠭᠠᠷᠳᠠᠯᠭ᠎ᠠ ᠶᠤᠰᠤᠭᠠᠷ᠂ ᠤᠯᠤᠰ ᠤᠨ ᠬᠦᠭᠵᠢᠯᠳᠡ ᠶᠢᠨ ᠶᠡᠭᠡ ᠲᠠᠯ᠎ᠠ ᠳᠠᠬᠢ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠬᠳᠠᠭᠠᠯᠳᠠ ᠶᠢ ᠤᠨᠤᠪᠴᠢᠳᠠᠢ ᠡᠵᠡᠮᠳᠡᠵᠤ᠂ ᠰᠢᠨ᠎ᠠ ᠬᠦᠭᠵᠢᠯᠳᠡ ᠶᠢᠨ ᠣᠨᠣᠯᠵᠢᠬᠤᠨ ᠪᠤᠯᠤᠨ ᠴᠢᠨᠠᠷ ᠰᠠᠶᠢᠳᠠᠢ ᠬᠦᠭᠵᠢᠯᠳᠡ ᠶᠢᠨ ᠱᠠᠭᠠᠷᠳᠠᠯᠭ᠎ᠠ ᠶᠢ ᠲᠤᠪᠤᠶᠢᠯᠭᠠᠨ᠂ ᠭᠤᠤᠯ ᠴᠣᠭᠴᠠᠲᠤ ᠴᠢᠳᠠᠮᠵᠢ ᠶᠢᠨ ᠤᠷᠤᠨ ᠤ ᠲᠦᠯᠦᠪᠵᠢᠭᠦᠯᠭᠡ ᠪᠠ ᠢᠵᠢ ᠪᠦᠷᠢᠳᠦᠭᠦᠯᠦᠭᠰᠡᠨ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠡᠶᠢᠳᠡᠪᠦᠷᠢᠵᠢᠭᠤᠯᠵᠤ᠂ ᠤᠬᠠᠮᠰᠠᠷ ᠠᠴᠠ ᠪᠠᠨ ᠭᠤᠤᠯ ᠴᠣᠭᠴᠠᠲᠤ ᠴᠢᠳᠠᠮᠵᠢ ᠶᠢᠨ ᠤᠷᠤᠨ ᠤ ᠪᠦᠳᠦᠭᠡᠨ ᠪᠠᠶᠢᠭᠤᠯᠤᠯᠳᠠ ᠶᠢ ᠠᠬᠢᠭᠤᠯᠬᠤ ᠬᠡᠷᠡᠭᠳᠡᠢ ᠭᠡᠵᠡᠢ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠡᠳ᠋ ᠤᠨ ᠵᠠᠰᠠᠭ ᠤᠨ ᠠᠵᠢᠯ ᠡᠷᠭᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠦᠭᠡᠷᠡᠴᠢᠯᠡᠯᠳᠡ ᠪᠤᠯ ᠤᠳᠤ ᠦᠶ᠎ᠠ ᠶᠢᠨ ᠡᠳ᠋ ᠤᠨ ᠵᠠᠰᠠᠭ ᠤᠨ ᠲᠦᠷᠢᠮ ᠢ ᠪᠠᠶᠢᠭᠤᠯᠬᠤ ᠴᠢᠬᠤᠯᠠ ᠠᠭᠤᠯᠭ᠎ᠠ ᠪᠤᠯᠤᠨ᠎ᠠ᠃ ᠨᠠᠮ ᠤᠨ ᠲᠦᠪ ᠬᠤᠷᠢᠶ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠭᠦ ᠲᠤᠬᠢᠷᠠᠭᠤᠯᠤᠯᠳᠠ ᠪᠠᠶᠢᠷᠢᠯᠠᠭᠤᠯᠤᠯᠳᠠ ᠶᠤᠰᠤᠭᠠᠷ᠂ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡᠨ ᠤ ᠬᠦᠷᠢᠶᠡᠨ ᠳᠠᠬᠢ ᠦᠪᠡᠷᠳᠡᠭᠡᠨ ᠵᠠᠰᠠᠬᠤ ᠤᠷᠤᠨ ᠬᠢᠭᠡᠳ ᠠᠶᠢᠮᠠᠭ ᠬᠤᠳᠠ ᠶᠢᠨ ᠬᠠᠮᠳᠤ ᠶᠢᠨ ᠡᠳ᠋ ᠤᠨ ᠵᠠᠰᠠᠭ ᠤᠨ ᠠᠵᠢᠯ ᠡᠷᠭᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠬᠡᠷᠡᠭᠵᠢᠭᠦᠯᠭᠦ ᠲᠦᠰᠦᠯ ᠢ ᠲᠤᠬᠳᠠᠭᠠᠨ ᠬᠡᠷᠡᠭᠵᠢᠭᠦᠯᠭᠦ ᠨᠢ ᠡᠳ᠋ ᠤᠨ ᠵᠠᠰᠠᠭ ᠤᠨ ᠠᠵᠢᠯ ᠡᠷᠭᠡ ᠶᠢᠨ ᠬᠤᠪᠢᠶᠠᠷᠢᠯᠠᠯᠳᠠ ᠶᠢᠨ ᠲᠦᠷᠢᠮᠵᠢᠯᠳᠡ᠂ ᠬᠠᠤᠯᠢᠵᠢᠯᠳᠠ᠂ ᠵᠢᠷᠤᠮᠵᠢᠯᠳᠠ ᠶᠢ ᠠᠬᠢᠭᠤᠯᠬᠤ ᠳᠤ ᠠᠰᠢᠬᠳᠠᠢ ᠪᠦᠭᠡᠳ ᠠᠷᠠᠳ ᠤᠯᠠᠨ ᠤ ᠠᠰᠢᠭ ᠲᠤᠰᠠ ᠲᠠᠢ ᠨᠢᠬᠳᠠ ᠬᠠᠷᠢᠴᠠᠭ᠎ᠠ ᠪᠦᠬᠦᠢ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡᠨ ᠤ ᠪᠠᠳᠤᠯᠠᠭ᠎ᠠ ᠶᠢᠨ ᠴᠢᠳᠠᠪᠤᠷᠢ ᠶᠢ ᠲᠡᠭᠡᠭᠰᠢᠯᠡᠭᠦᠯᠬᠦ ᠪᠤᠯᠤᠨ᠎ᠠ᠃ ᠡᠯ᠎ᠠ ᠱᠠᠳᠤ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠨᠢᠮᠪᠠᠢ ᠲᠤᠬᠢᠷᠠᠭᠤᠯᠤᠨ ᠪᠠᠶᠢᠷᠢᠯᠠᠭᠤᠯᠵᠤ᠂ ᠨᠢᠮᠪᠠᠢ ᠵᠤᠬᠢᠶᠠᠨ ᠪᠠᠶᠢᠭᠤᠯᠤᠨ ᠬᠡᠷᠡᠭᠵᠢᠭᠦᠯᠵᠤ᠂ ᠦᠭᠡᠷᠡᠴᠢᠯᠡᠯᠳᠡ ᠶᠢᠨ ᠤᠷᠤᠬᠰᠢᠳᠠᠢ ᠠᠬᠢᠬᠤ ᠶᠢ ᠪᠠᠳᠤᠯᠠᠬᠤ ᠬᠡᠷᠡᠭᠳᠡᠢ᠃ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡᠨ ᠤ ᠠᠮᠵᠢᠯᠳᠡ ᠪᠦᠳᠦᠮᠵᠢ ᠶᠢᠨ ᠬᠠᠮᠢᠶᠠᠷᠤᠯᠳᠠ ᠶᠢ ᠴᠢᠨᠠᠬᠰᠢᠳᠠ ᠴᠢᠩᠭᠠᠳᠬᠠᠵᠤ᠂ ᠪᠡᠯᠡ ᠮᠦᠩᠭᠦ ᠶᠢᠨ ᠬᠡᠷᠡᠭᠯᠡᠭᠡᠨ ᠤ ᠦᠷ᠎ᠠ ᠠᠰᠢᠭ ᠪᠤᠯᠤᠨ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠲᠠᠰᠤᠷᠠᠯᠳᠠ ᠦᠭᠡᠢ ᠲᠡᠭᠡᠭᠰᠢᠯᠡᠭᠦᠯᠭᠦ ᠬᠡᠷᠡᠭᠳᠡᠢ ᠭᠡᠵᠡᠢ᠃
     ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃


ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ