ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠤᠨᠤᠯ ᠰᠤᠷᠤᠯᠴᠠᠬᠤ ᠭᠤᠤᠯ ᠲᠤᠭᠤᠶᠢᠯᠠᠩ 12 ᠳ᠋ᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠬᠢᠵᠠᠢ  ᠪᠦ᠋ ᠰᠢᠶᠤᠤ ᠯᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2018/12/4
     12 ᠳ᠋ᠤᠭᠠᠷ ᠰᠠᠷ᠎ᠠ ᠶᠢᠨ 3᠎ ᠤ ᠡᠳᠦᠷ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ᠂ ᠦᠪᠡᠷᠳᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠎ ᠤ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠎ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠤᠨᠤᠯ ᠰᠤᠷᠤᠯᠴᠠᠬᠤ ᠭᠤᠤᠯ ᠲᠤᠭᠤᠶᠢᠯᠠᠩ ᠤᠨ 2018 ᠣᠨ ᠤ 12 ᠳ᠋ᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠶᠢᠨ ︵ᠦᠷᠭᠡᠳᠭᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠯᠢᠦ ᠴᠢ ᠹᠠᠨ ᠎ ᠢ ᠤᠷᠢᠵᠤ ︽ᠲᠡᠤᠭᠡᠳᠦ ᠡᠭᠦᠷᠭᠡ ᠡᠭᠦᠷᠭᠡᠯᠡᠨ᠂ ᠪᠠᠶᠢᠳᠠᠯ ᠢ ᠲᠤᠳᠤᠷᠬᠠᠢ ᠲᠠᠨᠢᠵᠤ᠂ ᠢᠯᠵᠢᠷᠠᠯ ᠢ ᠡᠰᠡᠷᠭᠦᠴᠡᠭᠦ ᠲᠡᠮᠡᠴᠡᠯ ᠤᠨ ᠲᠡᠶᠢᠯᠦᠩᠭᠦᠢ ᠢᠯᠠᠯᠳᠠ ᠶᠢ ᠪᠠᠬᠢᠵᠢᠭᠦᠯᠰᠦᠭᠡᠢ︾ ᠬᠡᠭᠦ ᠲᠤᠰᠬᠠᠢ ᠰᠡᠳᠦᠪᠳᠤ ᠲᠠᠶᠢᠯᠤᠮᠵᠢ ᠬᠢᠯᠭᠡᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠰᠢᠨ᠎ᠠ ᠱᠠᠭᠠᠷᠳᠠᠯᠭ᠎ᠠ᠂ ᠢᠯᠵᠢᠷᠠᠯ ᠢ ᠡᠰᠡᠷᠭᠦᠴᠡᠭᠦ ᠲᠡᠮᠡᠴᠡᠯ ᠤᠨ ᠰᠢᠨ᠎ᠠ ᠪᠠᠶᠢᠳᠠᠯ ᠪᠠ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠰᠢᠨ᠎ᠠ ᠲᠡᠤᠭᠡᠳᠦ ᠡᠭᠦᠷᠭᠡ ᠶᠢ ᠰᠢᠰᠲ᠋ᠧᠮ ᠲᠠᠢ ᠲᠠᠶᠢᠯᠪᠤᠷᠢᠯᠠᠭᠤᠯᠪᠠ᠃      ᠪᠦ᠋ ᠰᠢᠶᠤᠤ ᠯᠢᠨ ᠵᠢᠭᠠᠭᠰᠠᠨ ᠨᠢ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ ᠵᠠᠪᠠᠯ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠨ ᠴᠢᠩᠭᠠᠳᠬᠠᠵᠤ᠂ ᠨᠠᠮ ᠤᠨ ᠲᠦᠪ ᠬᠤᠷᠢᠶᠠᠨ ᠤ ᠡᠷᠭᠡ ᠰᠦᠷ ᠪᠤᠯᠤᠨ ᠲᠦᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠪᠠᠷᠢᠮᠳᠠᠯᠠᠵᠤ᠂ ︽ᠬᠤᠶᠠᠷ ᠢ ᠡᠷᠡᠰ ᠬᠠᠮᠠᠭᠠᠯᠠᠬᠤ︾᠎ ᠨᠢ ᠬᠠᠮᠤᠭ ᠎ ᠤᠨ ᠦᠨᠳᠦᠰᠦ ᠪᠤᠯᠬᠤ ᠶᠤᠮ᠃ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠶᠢ ᠢᠮᠠᠬᠳᠠ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠳᠤ ᠪᠠ ᠤᠯᠤᠰ ᠲᠦᠷᠦ ᠶᠢᠨ ᠶᠤᠰᠤ ᠲᠦᠷᠢᠮ ᠎ ᠢ ᠴᠢᠩᠭ᠎ᠠ ᠰᠠᠬᠢᠵᠤ᠂ ᠨᠠᠮ ᠤᠨ ᠲᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠨ᠂ ᠤᠯᠤᠰ ᠲᠥᠷᠥᠴᠢ ᠰᠡᠷᠬᠡᠭ ᠬᠦᠮᠦᠨ ᠪᠤᠯᠬᠤ ᠬᠡᠷᠡᠭᠳᠡᠢ᠃ ᠰᠤᠷᠳᠠᠯ ᠤᠨ ᠪᠠᠶᠢᠭᠤᠯᠤᠯᠳᠠ ᠬᠡᠭᠦ ᠡᠨᠡ ᠬᠦ ᠰᠢᠵᠢᠮ ᠢ ᠢᠮᠠᠬᠳᠠ ᠴᠢᠩᠳᠠᠯᠠᠵᠤ᠂ ᠲᠦᠪ ᠤᠨ ᠨᠠᠢᠮᠠᠨ ᠲᠤᠬᠳᠠᠭᠠᠯ ᠵᠢᠴᠢ ᠲᠡᠭᠦᠨ ᠤ ᠬᠡᠷᠡᠭᠵᠢᠭᠦᠯᠭᠦ ᠨᠠᠷᠢᠨ ᠲᠦᠷᠢᠮ ᠤᠨ ᠵᠤᠷᠢᠭ ᠰᠠᠨᠠᠭ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠢᠵᠢ ᠪᠦᠷᠢᠳᠦᠭᠦᠯᠦᠭᠰᠡᠨ ᠠᠷᠭ᠎ᠠ ᠬᠡᠮᠵᠢᠶ᠎ᠡ ᠶᠢ ᠦᠷᠭᠦᠯᠵᠢᠯᠡᠨ ᠨᠡᠶᠢᠳᠡᠪᠦᠷᠢᠵᠢᠭᠤᠯᠵᠤ᠂ ᠬᠠᠳᠠᠭᠠᠰᠦ ᠬᠠᠳᠠᠬᠤ ᠵᠤᠷᠢᠭ ᠰᠠᠨᠠᠭ᠎ᠠ ᠪᠠᠷ ᠰᠠᠬᠢᠯᠭ᠎ᠠ ᠪᠠᠳᠤ ᠶᠢᠨ ᠪᠠᠶᠢᠭᠤᠯᠤᠯᠳᠠ ᠪᠤᠯᠤᠨ ᠰᠤᠷᠳᠠᠯ ᠤᠨ ᠪᠠᠶᠢᠭᠤᠯᠤᠯᠳᠠ ᠶᠢᠨ ᠤᠳᠠᠭᠠᠨ ᠲᠠᠭᠠᠭᠠᠮᠠᠭᠠᠢ ᠲᠠᠶᠢᠨ ᠢ ᠰᠠᠶᠢᠳᠤᠷ ᠬᠢᠭᠦ ᠬᠡᠷᠡᠭᠳᠡᠢ ᠬᠡᠪᠠ᠃      ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠮ ᠎ ᠤᠨ ᠤᠳᠤᠷᠢᠳᠬᠤ ᠲᠤᠭᠤᠶᠢᠯᠠᠩ ᠪᠠ ᠡᠯ᠎ᠠ ᠰᠠᠯᠠᠭ᠎ᠠ ᠮᠦᠴᠢᠷ ᠤᠨ ᠨᠠᠮ ᠤᠨ ᠤᠳᠤᠷᠢᠳᠬᠤ ᠲᠤᠭᠤᠶᠢᠯᠠᠩ ︽ᠨᠠᠮ ᠢ ᠬᠠᠮᠢᠶᠠᠷᠴᠤ ᠨᠠᠮ ᠢ ᠵᠠᠰᠠᠬᠤ ᠶᠢ ᠠᠳᠬᠤᠬᠤ ᠨᠢ ᠲᠤᠰᠢᠶᠠᠯ ᠢᠶᠠᠨ ᠬᠦᠢᠴᠡᠳᠭᠡᠵᠤ᠂ ᠠᠳᠬᠤᠬᠤ ᠦᠭᠡᠢ ᠨᠢ ᠲᠤᠰᠢᠶᠠᠯ ᠳᠤ ᠪᠠᠨ ᠤᠰᠤᠯᠳᠠᠵᠤ᠂ ᠰᠠᠶᠢᠳᠤᠷ ᠠᠳᠬᠤᠬᠤ ᠦᠭᠡᠢ ᠨᠢ ᠲᠤᠰᠢᠶᠠᠯ ᠢᠶᠠᠨ ᠭᠤᠳᠤᠭᠠᠵᠤ ᠪᠠᠶᠢᠬᠤ ᠶᠠᠪᠤᠳᠠᠯ ᠮᠦᠨ︾ ᠬᠡᠳᠡᠭ ᠤᠬᠠᠮᠰᠠᠷ ᠢ ᠪᠠᠳᠤ ᠪᠤᠢ ᠪᠤᠯᠭᠠᠨ᠂ ᠲᠤᠬᠠᠶᠢᠯᠠᠬᠰᠠᠨ ᠠᠵᠢᠯ ᠪᠤᠯᠤᠨ ᠴᠢᠭᠡᠴᠢ ᠵᠠᠰᠠᠭ ᠤᠨ ᠪᠠᠶᠢᠭᠤᠯᠤᠯᠳᠠ ᠶᠢ ᠴᠤᠭ ᠲᠤ ᠨᠢ ᠠᠳᠬᠤᠵᠤ᠂ ᠬᠠᠮᠳᠤ ᠳᠤ ᠨᠢ ᠠᠬᠢᠭᠤᠯᠬᠤ ᠬᠡᠷᠡᠭᠳᠡᠢ᠃ ︽ᠲᠦᠷᠪᠡᠨ ᠰᠤᠷᠳᠠᠯ︾ ᠎ ᠢ ᠡᠰᠡᠷᠭᠦᠴᠡᠭᠦ ᠶᠢ ᠠᠵᠢᠯ ᠪᠤᠯᠭᠠᠨ ᠳᠤ ᠪᠠᠨ ᠪᠡᠶ᠎ᠠ ᠪᠠᠷ ᠢᠶᠠᠨ ᠦᠢᠯᠡᠳᠦᠯᠭᠡᠵᠢᠭᠦᠯᠵᠤ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠡᠰᠡᠷᠭᠦᠴᠡᠭᠦ ᠶᠢ ᠪᠠᠷᠢᠮᠳᠠᠯᠠᠨ᠂ ᠤᠯᠠᠨ ᠲᠦᠮᠡᠨ ᠤ ᠲᠡᠷᠬᠡᠳᠡᠬᠢ ᠲᠦᠪ ᠪᠤᠰᠤ ᠰᠤᠷᠳᠠᠯ ᠪᠤᠯᠤᠨ ᠢᠯᠵᠢᠷᠠᠯ ᠤᠨ ᠠᠰᠠᠭᠤᠳᠠᠯ ᠢ ᠴᠢᠩᠭ᠎ᠠ ᠴᠡᠭᠴᠡᠯᠡᠵᠤ᠂ ᠤᠬᠠᠮᠰᠡᠷ ᠠᠴᠠ ᠪᠠᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠬᠢᠨᠠᠯᠳᠠ ᠶᠢ ᠬᠦᠯᠢᠶᠡᠵᠤ᠂ ᠵᠠᠰᠠᠭ ᠤᠨ ᠤᠷᠳᠤᠨ ᠤ ᠰᠢᠰᠲ᠋ᠧᠮ ᠤᠨ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠠ ᠢᠯᠵᠢᠷᠠᠯ ᠢ ᠡᠰᠡᠷᠭᠦᠴᠡᠭᠦ ᠲᠡᠮᠡᠴᠡᠯ ᠢ ᠲᠠᠰᠤᠷᠠᠯᠳᠠ ᠦᠭᠡᠢ ᠬᠦᠨᠵᠡᠭᠡᠶᠢᠷᠡᠭᠦᠯᠦᠨ ᠠᠬᠢᠭᠤᠯᠵᠤ᠂ ᠠᠷᠠᠳ ᠲᠦᠮᠡᠨ ᠳᠤ ᠲᠠᠭᠠᠰᠢᠶᠠᠬᠳᠠᠬᠰᠠᠨ ᠴᠢᠭᠡᠴᠢ ᠵᠠᠰᠠᠭ ᠤᠨ ᠤᠷᠳᠤᠨ ᠢ ᠴᠢᠷᠮᠠᠶᠢᠨ ᠪᠠᠶᠢᠭᠤᠯᠬᠤ ᠬᠡᠷᠡᠭᠳᠡᠢ ᠬᠡᠵᠠᠢ᠃      ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠭᠦᠨ᠂ ᠡᠪ ᠬᠠᠮᠲᠤ ᠨᠠᠮ ᠤᠨ ᠭᠡᠰᠢᠭᠦᠨ ᠪᠤᠰᠤ ᠲᠡᠳ᠋ ᠲᠡᠷᠢᠭᠦᠯᠡᠭᠴᠢ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠭᠦᠨ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠦᠷᠢᠯᠳᠦᠭᠦᠨ ᠰᠠᠯᠠᠭ᠎ᠠ ᠮᠦᠴᠢᠷ᠂ ᠲᠤᠰᠬᠠᠢ ᠪᠠᠶᠢᠭᠤᠯᠤᠮᠵᠢ᠂ ᠰᠢᠭᠤᠳ ᠬᠠᠷᠢᠶ᠎ᠠ ᠪᠠᠶᠢᠭᠤᠯᠤᠮᠵᠢ᠂ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠬᠠᠮᠢᠶᠠᠷᠤᠯᠳᠠ ᠶᠢᠨ ᠪᠠᠶᠢᠭᠤᠯᠤᠮᠵᠢ ᠶᠢᠨ ᠬᠠᠷᠢᠭᠤᠴᠠᠯᠭᠠᠳᠠᠨ ᠨᠦᠬᠦᠳ ᠬᠠᠮᠳᠤ ᠶᠢᠨ ᠰᠤᠷᠤᠯᠴᠠᠯᠭ᠎ᠠ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号