ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠷᠪᠠᠳᠤᠭᠠᠷ ᠬᠤᠷᠠᠯ ᠡᠬᠢᠯᠡᠪᠡ  ᠯᠢ ᠵᠢᠢ ᠾᠸᠡᠭ ᠬᠤᠷᠠᠯ ᠢ ᠡᠷᠬᠢᠯᠡᠵᠠᠢ
ᠨᠡᠶᠢᠲᠡᠯᠡᠭᠰᠡᠨ ᠴᠠᠭ᠄
2018/12/4
     12 ᠳ᠋ᠤᠭᠠᠷ ᠰᠠᠷ᠎ᠠ ᠶᠢᠨ 3᠎ ᠤ ᠡᠳᠤᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠷᠪᠠᠳᠤᠭᠠᠷ ᠬᠤᠷᠠᠯ ᠬᠦᠬᠡᠬᠤᠳᠠ ᠳᠤ ᠡᠬᠢᠯᠡᠵᠦ ᠠᠩᠬᠠᠳᠠᠭᠴᠢ ᠪᠦᠭᠦᠳᠡ ᠬᠤᠷᠠᠯ ᠬᠢᠪᠠ᠃      ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠤᠳᠤ 60 ᠪᠦᠷᠢᠯᠳᠦᠭᠦᠨ ᠲᠠᠢ᠂ 53 ᠬᠦᠮᠦᠨ ᠨᠢ ᠲᠤᠰ ᠤᠳᠠᠭᠠᠨ ᠤ ᠪᠦᠭᠦᠳᠡ ᠬᠤᠷᠠᠯ ᠳᠤ ᠤᠷᠤᠯᠴᠠᠵᠦ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠲᠠᠢ ᠨᠡᠶᠢᠴᠡᠪᠡ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠸᠡᠭ ᠠᠩᠬᠠᠳᠠᠭᠴᠢ ᠪᠦᠭᠦᠳᠡ ᠬᠤᠷᠠᠯ ᠢ ᠡᠷᠬᠢᠯᠡᠵᠠᠢ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠪᠠᠶᠢᠡᠭᠭᠤ ᠶᠢᠨ ᠲᠡᠳ᠋ ᠡᠷᠬᠢᠯᠡᠭᠴᠢ ᠨᠠᠰᠤᠨᠮᠦ᠋ᠡᠭᠭᠡ᠂ ᠲᠡᠳ᠋ ᠡᠷᠬᠢᠯᠡᠭᠴᠢ ᠸᠠᠩ ᠪᠦᠸᠧ᠂ ᠡᠤ ᠲᠤᠸᠠᠨ ᠶᠢᠩ᠂ ᠯᠢᠶᠠᠨ ᠰᠤ᠋ ᠪᠣᠯᠤᠨ ᠨᠠᠷᠢᠨ ᠪᠢᠴᠢᠭ ᠤᠨ ᠲᠠᠷᠤᠭ᠎ᠠ ᠱᠢ ᠸᠧᠨ ᠰᠢᠤᠸᠠᠢ ᠵᠢᠴᠢ ᠪᠠᠶᠢᠡᠭᠭᠤ ᠶᠢᠨ ᠭᠡᠰᠢᠭᠦᠳ ᠬᠤᠷᠠᠯ ᠳᠤ ᠤᠷᠤᠯᠴᠠᠵᠠᠢ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠪᠤᠤ ᠭᠠᠨᠭ᠌᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶᠠᠨ ᠤ ᠲᠠᠷᠤᠭ᠎ᠠ ᠶᠠᠩ ᠽᠦᠡᠭ ᠷᠧᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠴᠢ ᠲᠠᠷᠤᠭ᠎ᠠ ᠯᠢ ᠴᠢ ᠯᠢᠨ ᠬᠤᠷᠠᠯ ᠳᠤ ᠰᠤᠯᠠ ᠤᠷᠤᠯᠴᠠᠵᠠᠢ᠃      ᠬᠤᠷᠠᠯ ᠤᠨ ᠵᠦᠪᠯᠡᠭᠦ ᠵᠦᠢᠯᠡᠰ ᠢ ᠪᠠᠳᠤᠯᠠᠬᠰᠠᠨ ᠤ ᠲᠠᠷᠠᠭ᠎ᠠ᠂ ᠬᠤᠷᠠᠯ ᠨᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠪᠠᠶᠢᠡᠭᠭᠤ ᠶᠢᠨ ᠲᠡᠳ᠋ ᠡᠷᠬᠢᠯᠡᠭᠴᠢ ᠨᠠᠰᠤᠨᠮᠦ᠋ᠡᠭᠭᠡ ᠶᠢᠨ ᠬᠢᠭᠰᠡᠨ ︽︿ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠦᠰᠦᠨ ᠬᠠᠤᠯᠢ﹀᠎ ᠶᠢ ᠬᠦᠨᠵᠡᠭᠡᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠬᠡᠷᠡᠭᠵᠢᠭᠦᠯᠭᠦ ᠲᠤᠬᠠᠢ ᠦᠪᠤᠷ ᠮᠤᠩᠭᠤᠯ ᠎ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠰᠢᠢᠳᠪᠤᠷᠢ ︵ᠲᠦᠰᠦᠯ︶︾᠎ ᠶᠢᠨ ᠲᠤᠳᠤᠷᠬᠠᠶᠢᠯᠠᠯᠳᠠ ᠶᠢ ᠰᠤᠨᠤᠰᠪᠠ᠃      ᠬᠤᠷᠠᠯ ᠨᠢ ᠪᠠᠰᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠦᠪᠯᠡᠯ ᠤᠨ ᠲᠡᠳ᠋ ᠡᠷᠬᠢᠯᠡᠭᠴᠢ ᠭᠡᠰᠢᠭᠦᠨ ᠭᠧ ᠹᠸᠡᠭ᠂ ᠵᠠᠩ ᠮᠢᠨ ᠤ ᠬᠢᠭᠰᠡᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠦᠰᠦᠪ ᠢ ᠬᠢᠨᠠᠨ ᠪᠠᠶᠢᠴᠠᠭᠠᠵᠦ ᠬᠢᠨᠠᠯᠳᠠ ᠲᠠᠯᠪᠢᠬᠤ ᠲᠦᠷᠢᠮ ︵ᠲᠦᠰᠦᠯ︶︾᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠲᠦᠷᠢᠮ ︵ᠲᠦᠰᠦᠯ︶︾᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠨᠵᠢᠯᠡᠭᠦ ᠤᠬᠠᠭᠠᠨ ᠮᠡᠷᠭᠡᠵᠢᠯ ᠤᠨ ᠦᠷ᠎ᠠ ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠬᠤ ᠲᠦᠷᠢᠮ ︵ᠵᠠᠰᠠᠪᠤᠷᠢ ᠤᠷᠤᠭᠤᠯᠤᠬᠰᠠᠨ ᠲᠦᠰᠦᠯ︶︾᠎ ᠢ ᠬᠢᠨᠡᠨ ᠵᠦᠪᠯᠡᠭᠰᠡᠨ ᠦᠷ᠎ᠠ ᠳ᠋ᠦᠩ ᠤᠨ ᠮᠡᠳᠡᠭᠦᠯᠦᠯᠳᠡ ᠶᠢ ᠰᠤᠨᠤᠰᠪᠠ︔ ᠦᠪᠡᠷᠳᠡᠭᠡᠨ ᠵᠠᠰᠠᠬᠤ ᠤᠷᠤᠨ ᠤ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠳᠠ ᠶᠢᠨ ᠲᠢᠩᠭᠢᠮ ᠤᠨ ᠲᠠᠷᠤᠭ᠎ᠠ ᠹᠸᠡᠭ ᠷᠧᠨ ᠹᠸᠢ ᠶᠢᠨ ᠬᠢᠭᠰᠡᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠲᠦᠷᠢᠮ ︵ᠲᠦᠰᠦᠯ︶︾᠎ ᠤᠨ ᠲᠤᠳᠤᠷᠬᠠᠶᠢᠯᠠᠯᠳᠠ᠂ ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠦ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠭᠢᠮ ᠤᠨ ᠲᠠᠷᠤᠭ᠎ᠠ ᠰᠦᠨ ᠵᠧᠨ ᠶᠦᠨ ᠤ ᠬᠢᠭᠰᠡᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠠᠷᠢᠮᠠᠯ ᠤᠨ ᠦᠷ᠎ᠠ ᠶᠢᠨ ᠲᠦᠷᠢᠮ ︵ᠵᠠᠰᠠᠪᠤᠷᠢ ᠤᠷᠤᠭᠤᠯᠤᠬᠰᠠᠨ ᠲᠦᠰᠦᠯ︶︾᠎ ᠤᠨ ᠲᠤᠳᠤᠷᠬᠠᠶᠢᠯᠠᠯᠳᠠ᠂ ᠦᠪᠡᠷᠳᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠭᠢᠮ ᠤᠨ ᠲᠡᠳ᠋ ᠲᠠᠷᠤᠭ᠎ᠠ ᠵᠢᠶᠠ ᠯᠢ ᠶᠢᠨ ᠬᠢᠭᠰᠡᠨ ︽︿ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠤᠭᠤ ᠭᠠᠵᠠᠷ ᠤᠨ ᠬᠠᠮᠠᠭᠠᠯᠠᠯᠳᠠ ᠶᠢᠨ ᠲᠦᠷᠢᠮ﹀ ᠵᠡᠷᠭᠡ 5 ᠤᠷᠤᠨ ᠨᠤᠳᠤᠬ ᠤᠨ ᠴᠢᠨᠠᠷᠳᠠᠢ ᠬᠠᠤᠯᠢ ᠲᠦᠷᠢᠮ ᠳᠤ ᠵᠠᠰᠠᠪᠤᠷᠢ ᠤᠷᠤᠭᠤᠯᠤᠬᠰᠠᠨ ᠨᠤᠤᠷᠠᠬ ︵ᠲᠦᠰᠦᠯ︶︾ ᠎ ᠤᠨ ᠲᠤᠳᠤᠷᠬᠠᠶᠢᠯᠠᠯᠳᠠ ᠶᠢ ᠰᠤᠨᠤᠰᠪᠠ︔ ᠬᠦᠬᠡᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠶᠦᠨ ᠵᠢᠶᠠᠨ ᠳ᠋ᠥᠩ ᠤᠨ ᠬᠢᠭᠰᠡᠨ ︽ᠵᠠᠷᠢᠮ ᠤᠷᠤᠨ ᠨᠤᠳᠤᠭ ᠤᠨ ᠴᠢᠨᠠᠷᠳᠠᠢ ᠬᠠᠤᠯᠢ ᠲᠦᠷᠢᠮ ᠳᠤ ᠵᠠᠰᠠᠪᠤᠷᠢ ᠤᠷᠤᠭᠤᠯᠬᠤ ᠲᠤᠬᠠᠢ ᠬᠦᠬᠡᠬᠤᠳᠠ ᠶᠢᠨ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠤᠬᠳᠠᠭᠠᠯ︾᠎ ᠤᠨ ᠲᠤᠬᠠᠢ ᠲᠤᠳᠤᠷᠬᠠᠶᠢᠯᠠᠯᠳᠠ᠂ ᠤᠯᠠᠭᠠᠨᠬᠠᠳᠠ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠡᠳ᠋ ᠡᠷᠬᠢᠯᠡᠭᠴᠢ ᠶᠠᠨ ᠬᠤᠢ ᠶᠢᠨ ᠬᠢᠭᠰᠡᠨ ︽ᠤᠯᠠᠭᠠᠨᠬᠠᠳᠠ ᠬᠤᠳᠠ ᠶᠢᠨ ᠭᠠᠵᠠᠷ ᠲᠤᠤᠷᠠᠬᠢ ᠤᠰᠤᠨ ᠤ ᠬᠠᠮᠠᠭᠠᠯᠠᠯᠳᠠ ᠶᠢᠨ ᠲᠦᠷᠢᠮ︾᠎ ᠤᠨ ᠲᠤᠬᠠᠢ ᠲᠤᠳᠤᠷᠬᠠᠶᠢᠯᠠᠯᠳᠠ᠂ ᠤᠯᠠᠭᠠᠨᠴᠠᠪ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠡᠳ᠋ ᠡᠷᠬᠢᠯᠡᠭᠴᠢ ᠵᠠᠢ ᠴᠧᠨ ᠸᠧᠨ ᠤ ᠬᠢᠭᠰᠡᠨ ︽ᠤᠯᠠᠭᠠᠨᠴᠠᠪ ᠬᠤᠳᠠ ᠶᠢᠨ ᠠᠳᠠᠯ ᠠᠬᠤᠢ ᠶᠢᠨ ᠬᠠᠮᠢᠶᠠᠷᠤᠯᠳᠠ ᠶᠢᠨ ᠲᠦᠷᠢᠮ︾᠎ ᠤᠨ ᠲᠤᠬᠠᠢ ᠲᠤᠳᠤᠷᠬᠠᠶᠢᠯᠠᠯᠳᠠ᠂ ᠪᠠᠶᠠᠨᠨᠠᠭᠤᠷ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠡᠳ᠋ ᠡᠷᠬᠢᠯᠡᠭᠴᠢ ᠶᠠᠨ ᠫᠸᠡᠭ ᠤᠨ ᠬᠢᠭᠰᠡᠨ ︽ᠪᠠᠶᠠᠨᠨᠠᠭᠤᠷ ᠬᠤᠳᠠ ᠶᠢᠨ ᠬᠤᠳᠠ ᠶᠢᠨ ᠲᠦᠷᠭᠦ ᠪᠠ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠳᠠ ᠶᠢᠨ ᠲᠦᠷᠢᠮ︾᠎ ᠤᠨ ᠲᠤᠬᠠᠢ ᠲᠤᠳᠤᠷᠬᠠᠶᠢᠯᠠᠯᠳᠠ᠂ ᠦᠪᠡᠷᠳᠡᠭᠡᠨ ᠵᠠᠰᠠᠬᠤ ᠤᠷᠤᠨ ᠤ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠵᠦᠪᠯᠡᠯ ᠎ ᠤᠨ ᠡᠷᠬᠢᠯᠡᠭᠴᠢ ᠵᠠᠩ ᠶᠢᠨ ᠯᠢᠶᠠᠩ ᠤᠨ ᠬᠢᠭᠰᠡᠨ ᠠᠵᠦ ᠠᠬᠤᠶᠢᠯᠠᠯ ᠤᠨ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠳᠠ ᠶᠢᠨ ᠪᠠᠶᠢᠳᠠᠯ ᠤᠨ ᠲᠤᠬᠠᠢ ᠮᠡᠳᠡᠭᠦᠯᠦᠯᠳᠡ ᠶᠢ ᠰᠤᠨᠤᠰᠪᠠ᠃      ᠬᠠᠮᠢᠶ᠎ᠠ ᠪᠦᠭᠦᠢ ᠲᠤᠬᠳᠠᠭᠠᠯ ᠢᠶᠠᠷ᠂ 7 ᠡᠷᠭᠡᠳᠤ ᠠᠷᠠᠳ ᠲᠤᠰ ᠤᠳᠠᠭᠠᠨ ᠤ ᠪᠦᠭᠦᠳᠡ ᠬᠤᠷᠠᠯ ᠢ ᠰᠤᠯᠠ ᠰᠤᠨᠤᠰᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号