ᠥᠪᠥᠷ ᠮᠣᠩᠭᠤᠯ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠵᠠᠰᠠᠯᠲᠠ ᠴᠡᠭᠴᠡᠯᠡᠯᠲᠡ ᠶᠢᠨ ᠵᠢᠷᠭᠤᠭᠠᠨ ᠬᠤᠪᠢ ᠶᠢ  ᠪᠡᠶᠡᠯᠡᠭᠦᠯᠵᠦ  ᠵᠢᠯ ᠤᠨ ᠡᠴᠦᠰ ᠠᠴᠠ ᠡᠮᠦᠨ᠎ᠡ ᠪᠦᠬᠦᠨ ᠢ ᠪᠡᠶᠡᠯᠡᠭᠦᠯᠬᠦ ᠪᠠᠷ ᠪᠤᠢ
ᠨᠡᠶᠢᠲᠡᠯᠡᠭᠰᠡᠨ ᠴᠠᠭ᠄
2018/12/4
     2018 ᠣᠨ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠯᠤᠰ ᠤᠨ ᠨᠢᠭᠡᠳᠦᠯᠲᠡᠶ ᠱᠠᠭᠠᠷᠳᠠᠯᠭ᠎ᠠ ᠶᠣᠰᠣᠭᠠᠷ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠠᠵᠢᠯᠯᠠᠭ᠎ᠠ ᠶᠢ ᠵᠢᠷᠤᠮᠵᠢᠭᠤᠯᠤᠨ ᠴᠢᠩᠭᠠᠳᠬᠠᠬᠤ ᠶᠢᠨ ᠬᠠᠮᠲᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠶᠡᠷᠦᠩᠬᠡᠶᠢᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠦᠷᠨᠢᠭᠦᠯᠦᠨ᠂ ᠪᠥᠬᠦ ᠣᠷᠣᠨ ᠳᠤ ᠨᠡᠶᠢᠲᠡ 616 ᠪᠣᠯᠪᠠᠰᠤᠷᠠᠭᠤᠯᠤᠯ ᠤᠨ ᠪᠠᠶᠢᠭᠤᠯᠤᠮᠵᠢ ᠪᠠᠶᠢᠬᠤ ᠶᠢ ᠣᠶᠢᠯᠠᠭᠠᠨ ᠵᠢᠭᠰᠠᠭᠠᠪᠠ᠂ ᠡᠭᠦᠨ ᠳᠤ ᠠᠰᠠᠭᠤᠳᠠᠯ ᠣᠷᠣᠰᠢᠵᠤ ᠪᠠᠶᠢᠭ᠎ᠠ 4102 ᠪᠠᠶᠢᠭᠤᠯᠤᠮᠵᠢ ᠶᠢᠨ 2443᠎ ᠶᠢ ᠨᠢ11 ᠳ᠋ᠦ᠋ᠭᠡᠷ ᠰᠠᠷ᠎ᠠ ᠶᠢᠨ 17᠎ ᠤ ᠡᠳᠦᠷ ᠪᠣᠯᠲᠠᠯ᠎ᠠ  ᠴᠡᠭᠴᠡᠯᠡᠨ ᠰᠠᠶᠢᠵᠢᠷᠠᠭᠤᠯᠵᠤ᠂ ᠪᠡᠶᠡᠯᠡᠭᠦᠯᠦᠭᠰᠡᠨ ᠨᠣᠷᠮ᠎ᠠ ᠨᠢ 60%᠎ ᠳᠤ ᠬᠦᠷᠪᠡ᠃      ᠡᠨᠡ ᠵᠢᠯ ᠤᠨ 6 ᠳ᠋ᠤᠭᠠᠷ ᠰᠠᠷ᠎ᠠ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ᠂ 5 ᠠᠵᠢᠯᠯᠠᠬᠤ ᠳᠤᠭᠤᠶᠢᠯᠠᠩ ᠢ ᠵᠣᠬᠢᠶᠠᠨ ᠪᠠᠶᠢᠭᠤᠯᠤᠨ 10 ᠠᠶᠢᠮᠠᠭ ᠬᠤᠲᠠ ᠳᠤ ᠲᠤᠰᠬᠠᠶ ᠰᠢᠮᠳᠠᠭᠤᠯᠤᠨ ᠪᠠᠶᠢᠴᠠᠭᠠᠯᠲᠠ ᠬᠢᠭᠰᠡᠨ ᠪᠥᠭᠡᠳ ᠠᠬᠢᠭᠤᠯᠬᠤ ᠬᠤᠷᠠᠯ᠂ ᠵᠣᠬᠢᠴᠠᠭᠤᠯᠬᠤ ᠬᠤᠷᠠᠯ ᠢ ᠤᠯᠠᠨ ᠤᠳᠠᠭ᠎ᠠ ᠵᠣᠬᠢᠶᠠᠨ ᠪᠠᠶᠢᠭᠤᠯᠵᠤ᠂ ᠡᠯ᠎ᠡ ᠭᠠᠵᠠᠷ ᠤᠨ ᠠᠵᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠶ ᠳᠤ ᠨᠢ ᠮᠡᠳᠡᠭᠳᠡᠵᠦ᠂ ᠡᠯ᠎ᠡ ᠭᠠᠵᠠᠷ ᠤᠨ ᠪᠠᠶᠢᠳᠠᠯ ᠢ ᠣᠶᠢᠯᠠᠭᠠᠨ ᠵᠢᠭᠰᠠᠭᠠᠬᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠲᠦᠯᠬᠢᠨ ᠠᠬᠢᠭᠤᠯᠪᠠ᠃ ᠣᠳᠣ᠂ ᠪᠥᠬᠦ ᠣᠷᠣᠨ ᠤ 103 ᠬᠤᠰᠢᠭᠤ ᠰᠢᠶᠠᠨ ᠲᠣᠭᠤᠷᠢᠭ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠱᠠᠲᠤᠨ ᠳᠤ ᠣᠷᠣᠵᠤ᠂ 11 ᠳ᠋ᠦ᠋ᠭᠡᠷ ᠰᠠᠷ᠎ᠠ ᠶᠢᠨ 17᠎ ᠤ ᠡᠳᠦᠷ ᠪᠣᠯᠲᠠᠯ᠎ᠠ᠂ ᠪᠥᠬᠦ ᠣᠷᠣᠨ ᠤ 11 ᠬᠤᠰᠢᠭᠤ ᠰᠢᠶᠠᠨ ᠲᠣᠭᠤᠷᠢᠭ ᠲᠤᠰᠬᠠᠶ ᠥᠭᠡᠷᠡᠴᠢᠯᠡᠨ ᠵᠠᠰᠠᠬᠤ ᠠᠵᠢᠯ ᠢ ᠪᠡᠶᠡᠯᠡᠭᠦᠯᠵᠦ᠂ ᠠᠰᠠᠭᠤᠳᠠᠯ ᠣᠷᠣᠰᠢᠵᠤ ᠪᠠᠶᠢᠭ᠎ᠠ 4102 ᠪᠠᠶᠢᠭᠤᠯᠤᠮᠵᠢ ᠶᠢᠨ ᠲᠤᠲᠤᠷ᠎ᠠ ᠠᠷᠪᠠᠨ ᠤ ᠵᠢᠷᠭᠤᠭᠠᠨ ᠬᠤᠪᠢ ᠣᠷᠴᠢᠮ ᠨᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠵᠡᠢ᠃ ᠡᠭᠦᠨ ᠳᠤ᠂ ᠰᠤᠷᠭᠠᠭᠤᠯᠢ ᠶᠢᠨ ᠭᠠᠳᠠᠨᠠᠬᠢ 277 ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠠᠮᠤᠷ ᠲᠦᠪᠰᠢᠨ ᠤ ᠳᠠᠯᠳᠠ ᠬᠡᠮ ᠣᠷᠣᠰᠢᠵᠤ᠂ ᠱᠠᠭᠠᠷᠳᠠᠯᠭ᠎ᠠ ᠶᠣᠰᠣᠭᠠᠷ ᠨᠢᠭᠡᠨᠲᠡ 230᠎ ᠨᠢ ᠴᠡᠭᠴᠡᠯᠡᠨ ᠰᠠᠶᠢᠵᠢᠷᠠᠭᠤᠯᠪᠠ︔ ᠰᠤᠷᠭᠠᠭᠤᠯᠢ ᠡᠷᠬᠢᠯᠡᠬᠦ ᠵᠥᠪᠰᠢᠶᠡᠷᠡᠯ ᠤᠨ ᠦᠨᠡᠮᠯᠡᠯ ᠢ ᠣᠯᠤᠭᠰᠠᠨ ᠤᠢᠭᠡᠢ ᠮᠥᠷᠲᠡᠭᠡᠨ ᠡᠵᠡᠩᠨᠡᠯᠲᠡ ᠶᠢᠨ ᠦᠨᠡᠮᠯᠡᠯ ︵ᠠᠵᠢᠯ ᠦᠢᠯᠡᠰ ᠤᠨ ᠨᠢᠭᠡᠴᠢ ᠶᠢᠨ ᠬᠠᠤᠯᠢ ᠶᠢᠨ ᠡᠷᠬᠡᠲᠡᠨ ᠤ ᠦᠨᠡᠮᠯᠡᠯ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠶᠢᠨ ᠪᠦᠷᠢᠳᠬᠡᠯ ᠤᠨ ᠦᠨᠡᠮᠯᠡᠯ︶ ᠠᠪᠤᠭᠠᠳᠤᠶ ᠰᠤᠷᠭᠠᠭᠤᠯᠢ ᠶᠢᠨ ᠭᠠᠳᠠᠨᠠᠬᠢ 3175 ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ 1163᠎ ᠶᠢ ᠨᠢ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠪᠠ᠃ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠢᠨᠵᠢᠯᠡᠭᠡᠨ ᠤ ᠲᠥᠷᠥᠯ ᠤᠨ  ᠪᠣᠯᠪᠠᠰᠤᠷᠠᠭᠤᠯᠤᠯ ︵ᠭᠤᠣᠯᠳᠠᠭᠤ ᠬᠡᠯᠡ ᠪᠢᠴᠢᠭ᠂ ᠲᠣᠭᠠᠨ ᠤ ᠤᠬᠠᠭᠠᠨ ᠵᠡᠷᠭᠡ︶᠎ ᠢ ᠡᠷᠬᠢᠯᠡᠵᠦ ᠪᠠᠶᠢᠭ᠎ᠠ ᠶᠠᠪᠤᠳᠠᠯ ᠳᠤ ᠬᠢᠭᠰᠡᠨ ᠪᠠᠶᠢᠴᠠᠭᠠᠯᠲᠠ ᠳᠤᠮᠳᠠ᠂ 738 ᠪᠠᠶᠢᠭᠤᠯᠤᠮᠵᠢ ᠳᠤ ᠨᠢ ︽ᠪᠠᠷᠢᠮᠵᠢᠶ᠎ᠠ ᠠᠴᠠ ᠬᠡᠲᠦᠷᠡᠭᠦᠯᠦᠨ ᠵᠢᠭᠠᠨ ᠰᠤᠷᠭᠠᠬᠤ︾ ︽ᠤᠷᠢᠳᠴᠢᠯᠠᠨ ᠵᠢᠭᠠᠵᠤ ᠪᠠᠶᠢᠬᠤ︾ ︽ᠰᠢᠯᠭᠠᠯᠲᠠ ᠶᠢᠨ ᠠᠷᠭᠠᠴᠠᠭᠠᠯ ᠠᠪᠴᠤ ᠪᠠᠶᠢᠬᠤ︾ ᠵᠡᠷᠭᠡ ᠪᠠᠶᠢᠳᠠᠯ ᠣᠷᠣᠰᠢᠵᠤ ᠪᠠᠶᠢᠬᠤ ᠶᠢ ᠣᠯᠵᠤ ᠮᠡᠳᠡᠵᠦ᠂  ᠱᠠᠭᠠᠷᠳᠠᠯᠭ᠎ᠠ ᠶᠣᠰᠣᠭᠠᠷ ᠨᠢᠭᠡᠨᠲᠡ 384᠎ ᠶᠢ ᠨᠢ ᠴᠡᠭᠴᠡᠯᠡᠨ ᠰᠠᠶᠢᠵᠢᠷᠠᠭᠤᠯᠪᠠ᠃      ᠪᠦᠬᠦᠯᠢ ᠴᠣᠭᠴᠠ ᠪᠠᠷ ᠨᠢ ᠵᠢᠭᠰᠠᠭᠠᠨ ᠪᠠᠶᠢᠴᠠᠭᠠᠬᠤ ᠪᠠ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ  ᠠᠬᠢᠴᠠ ᠠᠴᠠ ᠦᠵᠡᠪᠡᠯ᠂ ᠡᠯ᠎ᠡ ᠭᠠᠵᠠᠷ ᠤᠨ ᠲᠤᠰᠬᠠᠶ ᠴᠡᠭᠴᠡᠯᠡᠨ ᠵᠠᠰᠠᠬᠤ ᠠᠵᠢᠯ ᠦᠷᠨᠢᠭᠦᠯᠦᠭᠰᠡᠨ ᠠᠬᠢᠴᠠ ᠨᠡᠯᠢᠶᠡᠳ ᠶᠡᠭᠡ ᠵᠥᠷᠢᠶ᠎ᠡ ᠲᠠᠢ ᠪᠠᠶᠢᠵᠤ᠂ ᠪᠤᠯᠪᠠᠰᠤᠷᠠᠭᠤᠯᠤᠯ ᠤᠨ ᠪᠠᠶᠢᠭᠤᠯᠤᠮᠵᠢ ᠨᠡᠯᠢᠶᠡᠳ ᠠᠷᠪᠢᠨ ᠪᠠᠶᠢᠭ᠎ᠠ ᠭᠠᠵᠠᠷ ᠣᠷᠣᠨ ᠳᠤ᠂ ᠲᠤᠰᠬᠠᠶ ᠲᠥᠪᠯᠡᠷᠡᠭᠦᠯᠦᠨ ᠴᠡᠭᠴᠡᠯᠡᠵᠦ ᠵᠠᠰᠠᠬᠤ ᠠᠵᠢᠯ ᠤᠨ ᠠᠬᠢᠴᠠ ᠨᠢ ᠨᠡᠯᠢᠶᠡᠳ ᠤᠳᠠᠭᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠠᠵᠢᠯᠯᠠᠭ᠎ᠠ ᠶᠢ ᠵᠢᠷᠤᠮᠵᠢᠭᠤᠯᠬᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠤᠯᠭ᠎ᠠ ᠶᠢᠨ ᠣᠨ ᠤ ᠠᠵᠢᠯ ᠤᠨ ᠠᠮᠵᠢᠯᠲᠠ ᠶᠢ ᠬᠢᠨᠠᠨ ᠰᠢᠯᠭᠠᠬᠤ ᠭᠦᠢᠴᠡᠳᠬᠡᠯ ᠲᠣᠭᠠᠨ ᠤ ᠰᠢᠰᠲ᠋ᠧᠮᠵᠢ ᠳᠤ ᠣᠷᠣᠭᠤᠯᠤᠭᠠᠳ᠂ ᠲᠠᠷᠠᠭᠠᠴᠢ ᠶᠢᠨ ᠠᠯᠬᠤᠮ ᠳᠤ ᠭᠤᠣᠯᠳᠠᠯᠭ᠎ᠠ ᠲᠠᠢ  ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ︽ᠬᠠᠷᠢᠶ᠎ᠠ ᠣᠷᠣᠨ ᠨᠢ ᠬᠠᠮᠢᠶᠠᠷᠬᠤ︾ ᠪᠠ ︽ᠬᠡᠨ ᠡᠷᠬᠢᠯᠡᠨ  ᠬᠠᠮᠢᠶᠠᠷᠴᠤ ᠪᠠᠶᠢᠪᠠᠯ ᠬᠡᠨ ᠬᠠᠷᠢᠭᠤᠴᠠᠬᠤ︾ ᠵᠠᠷᠴᠢᠮ ᠤᠨ ᠶᠣᠰᠣᠭᠠᠷ᠂ ᠠᠵᠢᠯ ᠤᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠤᠨ᠂ ᠰᠠᠯᠠᠭ᠎ᠠ ᠮᠥᠴᠢᠷ ᠤᠳ ᠤᠨ ᠬᠠᠮᠲᠤᠷᠠᠨ ᠬᠠᠮᠵᠢᠯᠴᠠᠬᠤ ᠶᠢ ᠴᠢᠩᠭᠠᠳᠬᠠᠵᠤ᠂ ᠵᠢᠯ ᠤᠨ ᠡᠴᠦᠰ ᠠᠴᠠ ᠡᠮᠦᠨ᠎ᠡ ᠲᠤᠰᠬᠠᠶ ᠵᠦᠢᠯ ᠢᠶᠠᠷ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠪᠡᠶᠡᠯᠡᠭᠳᠡᠯ ᠢ ᠦᠨᠡᠨ ᠬᠦ ᠪᠠᠲᠤᠯᠠᠬᠤ ᠪᠠᠷ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号