ᠲᠦᠩᠯᠢᠶᠣᠤ ᠬᠤᠳᠠ ᠭᠡᠷᠡᠯ ᠸᠤᠯᠲ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠪ ᠵᠠᠭᠪᠤᠷ ᠢ ᠡᠭᠦᠳᠦᠨ ᠠᠰᠢᠭᠯᠠᠵᠤ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠦᠷᠭᠡᠳᠬᠡᠪᠡ
ᠨᠡᠶᠢᠲᠡᠯᠡᠭᠰᠡᠨ ᠴᠠᠭ᠄
2018/12/4
     ᠡᠨᠡ ᠵᠢᠯ ᠠᠴᠠ ᠨᠠᠭᠠᠰᠢ᠂ ᠲᠦᠩᠯᠢᠶᠣᠤ ᠬᠤᠲᠠ ︽ᠬᠡᠷᠡᠯ ᠸᠣᠯᠲ ᠢᠶᠠᠷ ᠶᠠᠳᠠᠭᠤ ᠶᠢ ᠲᠡᠳᠬᠦᠬᠦ︾ ᠵᠠᠭᠪᠤᠷ ᠢ ᠡᠭᠦᠳᠴᠦ᠂ ︽ᠡᠷᠦᠬᠡ ᠳᠤ ᠬᠡᠷᠡᠭᠯᠡᠬᠦ + ᠬᠠᠮᠲᠤ ᠨᠡᠶᠢᠲᠡ︾᠎ ᠶᠢᠨ ᠠᠷᠭ᠎ᠠ ᠬᠡᠯᠪᠡᠷᠢ ᠶᠢ ᠠᠪᠴᠤ᠂ ᠬᠡᠷᠡᠯ ᠸᠤᠯᠲ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠵᠦ᠂ ᠠᠷᠠᠳ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠲᠤᠶᠢᠯ ᠤᠨ ᠤᠨᠤᠪᠴᠢᠲᠠᠢ ᠪᠠᠷ ᠶᠠᠳᠠᠭᠤ ᠶᠢ ᠲᠡᠳᠬᠦᠬᠦ ᠪᠣᠳᠠᠲᠤ ᠪᠦᠲᠦᠮᠵᠢ ᠶᠢ ᠳᠡᠭᠡᠭᠰᠢᠯᠡᠭᠦᠯᠪᠡ᠃ ᠲᠤᠰ ᠲᠦᠷᠦᠯ ᠵᠦᠢᠯ ᠤᠨ ᠶᠡᠷᠦᠩᠬᠡᠶ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 207.36 ᠺᠢᠯᠤᠸᠠᠲ ᠪᠠᠶᠢᠵᠤ᠂ 25 ᠵᠢᠯ ᠠᠶᠠᠨᠳᠠᠭᠠᠨ ᠮᠠᠭᠤᠳᠠᠬᠤ ᠨᠤᠷᠮ᠎ᠠ ᠶᠢ  ︿20%᠎ ᠪᠠᠷ ᠪᠠᠲᠤᠯᠠᠵᠤ᠂ ᠲᠣᠣᠷ ᠨᠡᠶᠢᠯᠡᠭᠦᠯᠦᠨ ᠴᠠᠬᠢᠯᠭᠠᠨ ᠭᠠᠷᠭᠠᠵᠤ ᠡᠵᠡᠩᠨᠡᠭᠰᠡᠨ ᠤ ᠲᠠᠷᠠᠭ᠎ᠠ᠂ ᠶᠠᠳᠠᠭᠤ ᠬᠦᠴᠢᠷᠳᠡᠯᠲᠡᠢ ᠡᠷᠦᠬᠡ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 6.48ᠺᠢᠯᠤᠸᠠᠲ ᠬᠦᠷᠴᠦ᠂ ᠵᠢᠯ ᠪᠦᠷᠢ ᠶᠢᠨ ᠴᠠᠬᠢᠯᠭᠠᠨ ᠭᠠᠷᠭᠠᠬᠤ ᠬᠡᠮᠵᠢᠶ᠎ᠡ ᠨᠢ 10000 ᠭᠷᠠᠳᠦ᠋ᠰ ᠢ ᠳᠠᠪᠠᠵᠤ᠂ ᠴᠠᠬᠢᠯᠭᠠᠨ ᠤ ᠰᠦᠢᠳᠬᠡᠯ ᠪᠠ ᠨᠦᠬᠦᠪᠦᠷᠢ ᠶᠢ ᠭᠷᠠᠳᠦ᠋ᠰ ᠪᠦᠷᠢ 0.75 ᠲᠦᠬᠦᠷᠢᠭ ᠢᠶᠠᠷ ᠪᠤᠳᠤᠪᠠᠯ᠂ ᠵᠢᠯ ᠳᠤ 7500 ᠲᠥᠭᠦᠷᠢᠭ ᠤᠨ ᠴᠠᠬᠢᠯᠭᠠᠨ ᠤ ᠰᠦᠢᠳᠬᠡᠯ ᠤᠨ ᠦᠷ᠎ᠡ ᠠᠰᠢᠭ ᠤᠯᠤᠨ᠎ᠠ᠃ ᠭᠠᠴᠠᠭᠠᠨ ᠤ ᠬᠠᠮᠲᠤ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 80 ᠺᠢᠯᠤᠸᠠᠲ ᠳᠤ ᠬᠦᠷᠴᠦ᠂ ᠵᠢᠯ ᠳᠤ 12 ᠲᠦᠮᠡᠨ ᠭᠷᠠᠳᠦ᠋ᠰ ᠴᠠᠬᠢᠯᠭᠠᠨ ᠭᠠᠷᠭᠠᠵᠤ᠂ ᠴᠠᠬᠢᠯᠭᠠᠨ ᠤ ᠰᠦᠢᠳᠬᠡᠯ ᠪᠠ ᠨᠥᠬᠦᠪᠥᠷᠢ ᠨᠢ ᠭᠷᠠᠳᠦ᠋ᠰ ᠪᠦᠷᠢ 0.75 ᠲᠥᠭᠦᠷᠢᠭ ᠪᠤᠯᠵᠤ᠂ ᠵᠢᠯ ᠳᠤ 94170 ᠲᠦᠬᠦᠷᠢᠭ ᠤᠨ ᠴᠠᠬᠢᠯᠭᠠᠨ ᠤ ᠰᠦᠢᠳᠬᠡᠯ ᠤᠯᠤᠨ᠎ᠠ᠃ ᠡᠭᠦᠨ ᠤ ᠬᠠᠮᠲᠤ᠂ ᠴᠠᠬᠢᠯᠭᠠᠨ ᠬᠦᠴᠦᠨ ᠤ ᠰᠠᠯᠠᠭ᠎ᠠ ᠮᠥᠴᠢᠷ ᠴᠠᠬᠢᠯᠭᠠᠨ ᠰᠦᠢᠳᠬᠡᠯ ᠪᠠ ᠤᠯᠤᠰ ᠤᠨ ᠨᠦᠬᠦᠪᠦᠷᠢ ᠶᠢ ᠰᠠᠷ᠎ᠠ ᠪᠠᠷ 25 ᠵᠢᠯ ᠳᠠᠷᠠᠭᠠᠯᠠᠨ ᠥᠭᠴᠦ᠂ ᠲᠠᠷᠢᠶᠠᠯᠠᠩ ᠤᠨ ᠪᠠᠩᠬᠢ ᠨᠢ ᠪᠤᠴᠠᠭᠠᠬᠤ ᠶᠣᠰᠣᠲᠠᠶ ᠵᠢᠭᠡᠯᠡᠯᠭᠡ ᠵᠢᠴᠢ ᠬᠦᠦ ᠮᠦᠩᠭᠦ᠂ ᠡᠵᠡᠩᠨᠡᠯᠲᠡ ᠵᠠᠰᠠᠪᠤᠷᠢ ᠶᠢᠨ ᠵᠠᠷᠤᠳᠠᠯ᠂ ᠳᠠᠭᠠᠳᠬᠠᠯ ᠤᠨ ᠵᠠᠷᠤᠳᠠᠯ ᠢ ᠨᠢ ᠣᠷᠣᠯᠠᠨ ᠰᠠᠭᠤᠯᠭᠠᠨ ᠠᠪᠴᠤ᠂ ᠦᠯᠡᠳᠡᠭᠰᠡᠨ ᠠᠰᠢᠭ ᠣᠷᠣᠯᠭ᠎ᠠ ᠶᠢ ᠨᠢ ᠪᠦᠬᠦᠨ ᠢ ᠶᠠᠳᠠᠭᠤ ᠬᠦᠴᠢᠷᠳᠡᠯᠲᠡᠶ ᠡᠷᠦᠬᠡ ᠶᠢᠨ ᠳᠠᠩᠰᠠ ᠳᠤ ᠬᠠᠳᠠᠭᠠᠯᠠᠨ ᠤᠷᠤᠭᠤᠯᠵᠤ᠂ ᠵᠢᠱᠢᠯᠲᠡ ᠪᠠᠷ ᠡᠷᠦᠬᠡ ᠪᠦᠷᠢ ᠶᠢᠨ ᠵᠢᠯ ᠤᠨ ᠠᠰᠢᠭ ᠣᠷᠣᠯᠭ᠎ᠠ ᠨᠢ 3000 ᠲᠦᠬᠦᠷᠢᠭ ᠠᠴᠠ ᠳᠠᠪᠠᠵᠤ᠂ ᠭᠠᠴᠠᠭᠠᠨ ᠤ ᠬᠠᠮᠲᠤ ᠶᠢᠨ ᠵᠢᠯ ᠤᠨ ᠠᠰᠢᠭ ᠣᠷᠣᠯᠭ᠎ᠠ ᠨᠢ 5 ᠲᠦᠮᠡᠨ ᠲᠥᠭᠦᠷᠢᠭ ᠠᠴᠠ ᠳᠡᠭᠡᠭᠰᠢ ᠳᠤ ᠬᠦᠷᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号