ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ 2018 ᠤᠨ ᠤ 25 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/12/4
     12 ᠳ᠋ᠤᠭᠠᠷ ᠰᠠᠷ᠎ᠠ ᠶᠢᠨ 3 ᠤ ᠡᠳᠦᠷ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠲᠤᠬᠠᠢ ᠠᠷᠭ᠎ᠠ ᠨᠤᠭᠤᠳ︾ ᠢ ᠰᠤᠳᠤᠯᠪᠠ᠃      ᠬᠤᠷᠠᠯ ᠠᠴᠠ ᠵᠢᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷ᠎ᠡ ᠬᠡᠯᠡᠭᠰᠡᠨ ᠴᠢᠬᠤᠯᠠ ᠶᠠᠷᠢᠶ᠎ᠠ ᠨᠢ ᠨᠠᠮ ᠤᠨ ᠲᠦᠪ ᠬᠤᠷᠢᠶᠠᠨ ᠠᠴᠠ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠬᠦᠭᠵᠢᠯᠳᠡ ᠶᠢ ᠲᠡᠭᠡᠳᠦ ᠬᠡᠮᠵᠢᠶ᠎ᠠ ᠪᠠᠷ ᠴᠢᠬᠤᠯᠠᠴᠢᠯᠡᠵᠤ ᠪᠠᠶᠢᠬᠤ ᠶᠢ ᠬᠦᠢᠴᠡᠳ ᠬᠠᠷᠠᠭᠤᠯᠵᠤ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠪᠤᠯᠤᠨ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯᠲᠠᠨ ᠤ ᠰᠡᠳᠬᠢᠯ ᠢ ᠲᠤᠬᠳᠠᠪᠤᠷᠢᠵᠢᠭᠤᠯᠵᠤ᠂ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠨᠡᠩ ᠦᠷᠭᠡᠨ ᠲᠠᠪᠴᠠᠩ ᠲᠡᠶᠢᠰᠢ ᠵᠠᠮᠨᠠᠬᠤ ᠳᠤ ᠴᠢᠭᠯᠡᠯ ᠵᠢᠭᠠᠨ ᠦᠭᠴᠤ᠂ ᠢᠳᠡᠭᠡᠯ  ᠢ  ᠨᠢ  ᠪᠠᠳᠤᠳᠬᠠᠵᠠᠢ᠃ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠠᠷᠭ᠎ᠠ ᠬᠢᠳᠡᠯ ᠤᠳ ᠢ ᠲᠤᠬᠳᠠᠭᠠᠬᠤ ᠪᠤᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠪᠤᠳᠠᠳᠠᠢ ᠠᠷᠭ᠎ᠠ ᠬᠢᠳᠡᠯ ᠪᠤᠯᠤᠨ᠎ᠠ᠃ ᠡᠯ᠎ᠠ ᠭᠠᠵᠠᠷ ᠤᠷᠤᠨ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠭᠦᠯᠵᠦ᠂ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠤᠯᠤᠰ ᠠᠷᠠᠳ ᠤᠨ ᠠᠵᠤ ᠠᠬᠤᠢ ᠳᠠᠬᠢ ᠴᠢᠬᠤᠯᠠ ᠪᠠᠶᠢᠷᠢ ᠰᠠᠭᠤᠷᠢ᠂ ᠦᠢᠯᠡᠳᠦᠯ ᠢ ᠬᠦᠢᠴᠡᠳ ᠲᠠᠨᠢᠵᠤ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠳᠤ ᠲᠠᠰᠤᠷᠠᠯᠳᠠ ᠦᠭᠡᠢ ᠰᠠᠶᠢᠨ ᠰᠠᠶᠢᠬᠠᠨ ᠤᠷᠴᠢᠨ ᠨᠦᠬᠦᠴᠡᠯ ᠢ ᠪᠤᠢ ᠪᠤᠯᠭᠠᠵᠤ ᠦᠭᠬᠦ ᠬᠡᠷᠡᠭᠳᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠠ ᠱᠠᠳᠤᠨ ᠤ ᠵᠠᠰᠠᠭ ᠤᠨ ᠤᠷᠳᠤᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠳ ︽ᠬᠡᠨ ᠬᠡᠷᠡᠭᠵᠢᠭᠦᠯᠪᠡᠯ ᠬᠡᠨ ᠬᠠᠷᠢᠭᠤᠴᠠᠬᠤ︾ ᠵᠠᠷᠴᠢᠮ ᠶᠤᠰᠤᠭᠠᠷ᠂ ᠤᠯᠤᠰ ᠪᠠ ᠦᠪᠡᠷᠳᠡᠭᠡᠨ ᠵᠠᠰᠠᠬᠤ ᠤᠷᠤᠨ ᠤ ᠨᠢᠭᠡᠨᠳᠡ ᠨᠡᠶᠢᠲᠡᠯᠡᠭᠰᠡᠨ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠬᠦᠭᠵᠢᠯᠳᠡ ᠶᠢ ᠲᠡᠮᠵᠢᠭᠦ ᠲᠦᠷᠦ ᠶᠢᠨ ᠪᠤᠳᠤᠯᠭ᠎ᠠ ᠠᠷᠭ᠎ᠠ ᠬᠢᠳᠡᠯ ᠢ ᠪᠦᠬᠦ ᠲᠠᠯ᠎ᠠ ᠪᠠᠷ ᠡᠮᠬᠢᠯᠡᠵᠦ᠂ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠨᠢ ᠵᠦᠢᠯ ᠵᠤᠷᠪᠤᠰ ᠲᠠᠷᠠᠭᠠᠯᠠᠨ ᠪᠠᠶᠢᠴᠠᠭᠠᠬᠤ ᠬᠡᠷᠡᠭᠳᠡᠢ᠃ ᠪᠦᠳᠦᠮᠵᠢᠳᠡᠢ ᠨᠠᠶᠢᠳᠠᠪᠤᠷᠢᠵᠢᠭᠤᠯᠤᠭᠠᠳᠤᠢ ᠪᠠᠶᠢᠭ᠎ᠠ ᠶᠠᠪᠤᠳᠠᠯ ᠤᠨ ᠤᠴᠢᠷ ᠰᠢᠯᠳᠠᠭᠠᠨ ᠢ ᠨᠢ ᠨᠠᠷᠢᠨ ᠬᠢᠨᠠᠮᠠᠭᠠᠢ ᠵᠠᠳᠠᠯᠵᠤ᠂ ᠰᠢᠢᠳᠪᠦᠷᠢᠯᠡᠭᠦ ᠠᠷᠭ᠎ᠠ ᠶᠢ ᠰᠤᠳᠤᠯᠬᠤ ᠬᠡᠷᠡᠭᠳᠡᠢ᠃ ᠦᠪᠡᠷᠳᠡᠭᠡᠨ ᠵᠠᠰᠠᠬᠤ ᠤᠷᠤᠨ ᠤ ᠡᠷᠭᠡ ᠮᠡᠳᠡᠯ ᠤᠨ ᠬᠡᠪᠴᠢᠶᠡᠨ ᠳᠠᠬᠢ ᠨᠢᠭᠡᠨᠳᠡ ᠴᠠᠭ ᠠᠴᠠ ᠪᠠᠨ ᠬᠤᠴᠤᠷᠤᠬᠰᠠᠨ ᠢ ᠨᠢ ᠴᠠᠭ ᠲᠤᠬᠠᠢ ᠳᠤ ᠨᠢ ᠵᠠᠰᠠᠪᠤᠷᠢ ᠤᠷᠤᠭᠤᠯᠵᠦ ᠪᠦᠷᠢᠨᠰᠢᠭᠦᠯᠬᠦ ᠬᠡᠷᠡᠭᠳᠡᠢ᠃ ᠡᠯ᠎ᠠ ᠲᠦᠷᠦᠯ ᠤᠨ ᠲᠦᠷᠦ ᠶᠢᠨ ᠪᠤᠳᠤᠯᠭ᠎ᠠ ᠶᠢᠨ ᠡᠬᠢ ᠪᠠᠶᠠᠯᠢᠭ ᠢ ᠨᠡᠶᠢᠳᠬᠡᠬᠦ ᠶᠢ ᠴᠢᠬᠤᠯᠠᠴᠢᠯᠠᠵᠤ᠂ ᠲᠦᠷᠦ ᠶᠢᠨ ᠪᠤᠳᠤᠯᠭ᠎ᠠ ᠶᠢ ᠬᠡᠷᠡᠭᠵᠢᠭᠦᠯᠭᠦ ᠠᠷᠭ᠎ᠠ ᠬᠡᠯᠪᠡᠷᠢ ᠶᠢ ᠰᠠᠶᠢᠵᠢᠷᠠᠭᠤᠯᠤᠨ᠂ ᠲᠦᠷᠦ ᠶᠢᠨ ᠪᠤᠳᠤᠯᠭ᠎ᠠ ᠶᠢᠨ ᠰᠢᠰᠲ᠋ᠧᠮᠳᠦ ᠴᠢᠨᠠᠷ᠂ ᠬᠠᠮᠵᠢᠯᠴᠠᠬᠤ ᠴᠢᠨᠠᠷ᠂ ᠪᠦᠳᠦᠮᠵᠢᠳᠦ ᠴᠢᠨᠠᠷ ᠢ ᠴᠢᠩᠭᠠᠷᠠᠭᠤᠯᠵᠦ᠂ ᠲᠦᠷᠦ ᠶᠢᠨ ᠪᠤᠳᠤᠯᠭ᠎ᠠ ᠶᠢᠨ ᠶᠡᠷᠦᠩᠬᠡᠶᠢᠯᠡᠭᠰᠡᠨ ᠦᠢᠯᠡᠳᠦᠯ ᠢ ᠨᠢ ᠰᠠᠶᠢᠲᠤᠷ ᠪᠠᠳᠠᠷᠠᠭᠤᠯᠬᠤ ᠬᠡᠷᠡᠭᠳᠡᠢ᠃ ᠦᠢᠯᠡᠴᠢᠯᠡᠭᠡᠨ ᠤ ᠤᠬᠠᠮᠰᠠᠷ ᠢᠶᠠᠨ ᠦᠨᠡᠨ ᠬᠦ ᠴᠢᠩᠭᠠᠷᠠᠭᠤᠯᠤᠨ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠤᠶᠢᠯᠠᠭᠠᠵᠤ᠂ ᠠᠵᠤ ᠠᠬᠤᠶᠢᠯᠠᠯ ᠪᠤᠯᠤᠨ ᠠᠵᠤ ᠠᠬᠤᠶᠢᠯᠠᠯᠲᠠᠨ ᠤ ᠬᠠᠤᠯᠢ ᠶᠤᠰᠤᠨ ᠤ ᠡᠷᠭᠡ ᠠᠰᠢᠭ ᠢ ᠨᠢ ᠬᠠᠤᠯᠢ ᠪᠠᠷ ᠬᠠᠮᠠᠭᠠᠯᠠᠵᠤ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠢ ᠬᠠᠪᠰᠤᠷᠤᠨ ᠬᠦᠭᠵᠢᠯᠳᠡ ᠶᠢᠨ ᠲᠤᠮᠳᠠ ᠲᠤᠯᠭᠠᠷᠠᠵᠤ ᠪᠦᠬᠦᠢ ᠬᠦᠴᠢᠷᠳᠡᠯ ᠪᠤᠯᠤᠨ ᠠᠰᠠᠭᠤᠳᠠᠯ ᠢ ᠨᠢ ᠰᠢᠢᠳᠪᠦᠷᠢᠯᠡᠨ ᠦᠭᠴᠤ᠂ ᠪᠤᠳᠠᠳᠤ ᠠᠵᠢᠯᠯᠠᠭ᠎ᠠ ᠪᠠᠷ ᠢᠶᠠᠨ ᠪᠦᠬᠦ ᠤᠷᠤᠨ ᠤ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠬᠡᠷᠡᠭᠳᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号