12 ᠳ᠋ᠤᠭᠠᠷ ᠰᠠᠷ᠎ᠠ ᠶᠢᠨ 3 ᠤ ᠡᠳᠦᠷ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ | ᠦᠨᠳᠦᠰᠦᠨ ᠬᠠᠤᠯᠢ ᠳᠤ ᠲᠠᠩᠭᠠᠷᠢᠬᠯᠠᠬᠤ ᠶᠤᠰᠤᠯᠠᠯ ᠶᠠᠪᠤᠭᠤᠯᠪᠠ᠃ ᠦᠪᠡᠷᠳᠡᠭᠡᠨ ᠵᠠᠰᠬᠠᠤ ᠤᠷᠤᠨ ᠤ ᠨᠠᠮ ᠤᠨ | ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠬᠠᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠲᠠᠩᠭᠠᠷᠢᠬᠯᠠᠬᠤ ᠶᠢ | ᠬᠢᠨᠠᠵᠠᠢ᠃ | ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ᠪᠠ ︽ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠨ ᠬᠠᠤᠯᠢ ᠳᠤ ᠲᠠᠩᠭᠠᠷᠢᠬᠯᠠᠬᠤ ᠲᠦᠷᠢᠮ ᠢ ᠵᠤᠬᠢᠶᠠᠨ | ᠪᠠᠶᠢᠭᠤᠯᠵᠤ ᠬᠡᠷᠡᠭᠵᠢᠭᠦᠯᠭᠦ ᠠᠷᠭ᠎ᠠ︾ ᠶᠢᠨ ᠲᠤᠬᠳᠠᠭᠠᠯ ᠢ ᠦᠨᠳᠦᠰᠦᠯᠡᠵᠦ᠂ ᠦᠪᠡᠷᠳᠡᠭᠡᠨ ᠵᠠᠰᠬᠠᠤ ᠤᠷᠤᠨ ᠤ | ᠵᠠᠰᠠᠭ ᠤᠨ ᠤᠷᠳᠤᠨ ᠠᠴᠠ ᠤᠶᠢᠷ᠎ᠠ ᠶᠢᠨ ᠬᠤᠭᠤᠴᠠᠭᠠᠨ ᠳᠤ ᠲᠤᠰᠢᠶᠠᠯ ᠳᠤ ᠲᠤᠮᠢᠯᠠᠬᠰᠠᠨ ᠦᠪᠡᠷᠳᠡᠭᠡᠨ ᠵᠠᠰᠠᠬᠤ | ᠤᠷᠤᠨ ᠤ ᠵᠠᠰᠠᠭ ᠤᠨ ᠤᠷᠳᠤᠨ ᠤ ᠪᠦᠷᠢᠯᠳᠦᠭᠦᠨ ᠰᠠᠯᠠᠭ᠎ᠠ ᠮᠦᠴᠢᠷ᠂ ᠰᠢᠭᠤᠳ ᠬᠠᠷᠢᠶ᠎ᠠ ᠪᠠᠶᠢᠭᠤᠯᠤᠮᠵᠢ ᠶᠢᠨ 58 | ᠨᠡᠷᠡᠰ ᠲᠡᠳ᠋ ᠲᠢᠩᠬᠢᠮ ᠤᠨ ᠲᠡᠰ ᠠᠴᠠ ᠲᠡᠭᠡᠭᠰᠢᠬᠢ ᠤᠳᠤᠷᠢᠳᠬᠤ ᠺᠠᠳ᠋ᠷ ᠦᠨᠳᠦᠰᠦᠨ ᠬᠠᠤᠯᠢ ᠳᠤ | ᠲᠠᠩᠭᠠᠷᠢᠬᠯᠠᠪᠠ᠃ | ᠦᠳᠡ ᠶᠢᠨ ᠡᠮᠦᠨᠡᠬᠢ 11 ᠴᠠᠭ ᠲᠤ᠂ ᠦᠪᠡᠷᠳᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠨᠠᠷᠢᠨ | ᠪᠢᠴᠢᠭ ᠤᠨ ᠲᠠᠷᠤᠭ᠎ᠠ ᠪᠤᠤ ᠵᠧᠨ ᠢᠤᠢ ᠦᠨᠳᠦᠰᠦᠨ ᠬᠠᠤᠯᠢ ᠳᠤ ᠲᠠᠩᠭᠠᠷᠢᠬᠯᠠᠬᠤ ᠶᠤᠰᠤᠯᠠᠯ ᠡᠬᠢᠯᠡᠭᠰᠡᠨ ᠢ | ᠵᠠᠷᠯᠠᠵᠠᠢ᠃ ᠪᠦᠬᠦᠳᠡᠭᠡᠷ ᠢᠶᠠᠨ ᠪᠤᠰᠴᠤ ᠵᠤᠬᠰᠦᠨ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠰᠦᠯᠳᠡ | ᠲᠠᠭᠤᠤ ᠶᠢ ᠲᠠᠭᠤᠯᠠᠪᠠ᠃ ᠲᠠᠷᠠᠭ᠎ᠠ ᠨᠢ ᠲᠠᠭᠠᠭᠤᠯᠤᠨ ᠲᠠᠩᠭᠠᠷᠢᠬᠯᠠᠬᠴᠢ ᠠᠴᠠ ᠲᠠᠩᠭᠠᠷᠢᠭ ᠤᠨ ᠦᠭᠡᠰ ᠢ | ᠲᠠᠭᠠᠭᠤᠯᠤᠨ ᠤᠩᠰᠢᠵᠤ᠂ ᠪᠤᠰᠤᠳ ᠲᠠᠩᠭᠠᠷᠢᠬᠯᠠᠬᠴᠢᠳ ᠠᠷᠤ ᠳᠤ ᠨᠢ ᠵᠢᠬᠰᠠᠭᠠᠨ ᠵᠤᠬᠰᠤᠵᠤ᠂ ᠲᠠᠩᠭᠠᠷᠢᠭ ᠤᠨ | ᠦᠭᠡᠰ ᠢ ᠲᠠᠭᠠᠵᠦ ᠤᠩᠰᠢᠪᠠ᠃ | ᠲᠠᠩᠭᠠᠷᠢᠬᠯᠠᠵᠤ ᠪᠠᠷᠠᠬᠰᠠᠨ ᠤ ᠲᠠᠷᠠᠭ᠎ᠠ᠂ ᠪᠦ᠋ ᠰᠢᠶᠤᠤ ᠯᠢᠨ ᠤᠯᠠᠨ ᠢᠶᠠᠷ ᠢᠶᠠᠨ ᠠᠮᠠᠯᠠᠯᠳᠠ ᠪᠠᠨ ᠪᠠᠳᠤ | ᠴᠡᠭᠡᠵᠢᠯᠡᠵᠤ᠂ ᠦᠨᠳᠦᠰᠦᠨ ᠬᠠᠤᠯᠢ ᠡᠷᠬᠢᠮ ᠲᠡᠭᠡᠳᠦ ᠬᠡᠭᠦ ᠣᠨᠣᠯᠵᠢᠬᠤᠨ ᠢ ᠪᠠᠳᠤ ᠪᠤᠢ ᠪᠤᠯᠭᠠᠨ᠂ ᠦᠨᠳᠦᠰᠦᠨ | ᠬᠠᠤᠯᠢ ᠠᠴᠠ ᠤᠯᠭᠤᠬᠰᠠᠨ ᠡᠭᠦᠷᠭᠡ ᠬᠠᠷᠢᠭᠤᠴᠠᠯᠭ᠎ᠠ ᠪᠠᠨ ᠰᠢᠳᠤᠷᠭᠤ ᠪᠠᠷ ᠬᠦᠢᠴᠡᠳᠭᠡᠵᠤ᠂ ᠤᠬᠠᠮᠰᠠᠷ ᠠᠴᠠ ᠪᠠᠨ | ᠦᠨᠳᠦᠰᠦᠨ ᠬᠠᠤᠯᠢ ᠶᠢᠨ ᠨᠡᠷ᠎ᠠ ᠬᠦᠨᠳᠦ ᠪᠤᠯᠤᠨ ᠡᠷᠭᠡ ᠰᠦᠷ ᠢ ᠬᠠᠮᠠᠭᠠᠯᠠᠬᠤ ᠶᠢ ᠬᠦᠰᠡᠵᠤ ᠪᠠᠶᠢᠨ᠎ᠠ ᠬᠡᠪᠡ᠃ ᠲᠡᠷᠡ | ᠴᠢᠬᠤᠯᠠᠴᠢᠯᠠᠭᠰᠠᠨ ᠨᠢ᠂ ︽ᠲᠦᠷᠪᠡᠨ ᠢᠳᠡᠭᠡᠯ︾ ᠢᠶᠠᠨ ᠪᠠᠳᠤᠳᠬᠠᠨ᠂ ︽ᠲᠦᠷᠪᠡᠨ ᠤᠬᠠᠮᠰᠠᠷ︾ ᠢ ᠪᠠᠳᠤ ᠪᠤᠢ | ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠭᠤᠤᠯᠯᠠᠬᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ | ᠨᠠᠮ ᠤᠨ ᠲᠦᠪ ᠬᠤᠷᠢᠶᠠᠨ ᠤ ᠡᠷᠭᠡ ᠰᠦᠷ ᠪᠤᠯᠤᠨ ᠲᠦᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠬᠠᠮᠠᠭᠠᠯᠠᠵᠤ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠤᠯᠤᠨ ᠨᠠᠮ ᠤᠨ ᠲᠦᠪ ᠬᠤᠷᠢᠶᠠᠨ ᠤ | ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠡᠷᠡᠰ ᠭᠤᠶᠢᠪᠢᠰᠢ ᠦᠭᠡᠢ ᠨᠡᠶᠢᠳᠡᠪᠦᠷᠢᠵᠢᠭᠤᠯᠬᠤ ᠬᠡᠷᠡᠭᠳᠡᠢ᠃ | ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠨ᠂ ᠠᠯᠢᠪᠠ ᠠᠵᠢᠯ ᠴᠦᠮ ᠠᠷᠠᠳ ᠲᠦᠮᠡᠨ ᠤ ᠲᠡᠮᠵᠢᠯᠭᠡ ᠳᠤ | ᠲᠦᠰᠢᠭᠯᠡᠵᠤ᠂ ᠠᠷᠠᠳ ᠲᠦᠮᠡᠨ ᠯᠦᠭᠡ ᠶᠢᠨ ᠨᠢᠬᠳᠠ ᠬᠠᠷᠢᠴᠠᠭ᠎ᠠ ᠪᠠᠨ ᠪᠠᠳᠤᠳᠬᠠᠵᠦ᠂ ᠤᠬᠠᠮᠰᠠᠷ ᠠᠴᠠ ᠪᠠᠨ ᠠᠷᠠᠳ | ᠲᠦᠮᠡᠨ ᠤ ᠬᠢᠨᠠᠯᠳᠠ ᠶᠢ ᠬᠦᠯᠢᠶᠡᠵᠤ᠂ ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠭᠦ | ᠬᠡᠷᠡᠭᠳᠡᠢ᠃ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠵᠠᠮ ᠢᠶᠠᠷ ᠡᠷᠡᠰ | ᠭᠤᠶᠢᠪᠢᠰᠢ ᠦᠭᠡᠢ ᠵᠠᠮᠨᠠᠵᠤ᠂ ᠬᠠᠤᠯᠢᠵᠢᠯ ᠤᠨ ᠢᠳᠡᠭᠡᠯ ᠪᠢᠰᠢᠷᠠᠯ ᠢ ᠪᠠᠳᠤ ᠪᠤᠢ ᠪᠤᠯᠭᠠᠨ᠂ ᠦᠨᠳᠦᠰᠦᠨ ᠬᠠᠤᠯᠢ ᠪᠠᠷ | ᠲᠤᠰᠢᠶᠠᠯ ᠢᠶᠠᠨ ᠬᠦᠢᠴᠡᠳᠭᠡᠭᠦ᠂ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠳᠠᠯᠠᠵᠤ᠂ ᠬᠠᠤᠯᠢᠵᠢᠯ ᠤᠨ | ᠪᠠᠶᠢᠭᠤᠯᠤᠯᠳᠠ ᠶᠢᠨ ᠰᠠᠶᠢᠨ ᠵᠤᠬᠢᠶᠠᠨ ᠪᠠᠶᠢᠭᠤᠯᠤᠬᠴᠢ᠂ ᠠᠬᠢᠭᠤᠯᠤᠬᠴᠢ ᠪᠠ ᠦᠢᠯᠡᠳᠦᠯᠭᠡᠵᠢᠭᠦᠯᠦᠭᠴᠢ ᠪᠤᠯᠬᠤ | ᠬᠡᠷᠡᠭᠳᠡᠢ᠃ ᠵᠦᠪ ᠠᠵᠢᠯ ᠤᠨ ᠠᠮᠵᠢᠯᠳᠡ ᠶᠢᠨ ᠦᠵᠡᠯᠳᠡ ᠶᠢ ᠪᠠᠷᠢᠮᠳᠠᠯᠠᠨ᠂ ︽ᠠᠮᠵᠢᠯᠳᠡ ᠤᠯᠬᠤ ᠨᠢ ᠭᠠᠭᠴᠠ | ᠮᠢᠨᠦ ᠭᠠᠪᠢᠶ᠎ᠠ ᠪᠤᠰᠤ︾ ᠬᠡᠭᠦ ᠪᠠᠶᠢᠳᠠᠯ ᠢᠶᠠᠷ ᠯᠠᠪᠳᠠᠭᠤᠨ ᠪᠤᠳᠠᠳᠠᠢ ᠠᠵᠢᠯᠯᠠᠵᠤ᠂ ᠠᠷᠠᠳ ᠤᠨ ᠲᠦᠯᠦᠭᠡ᠂ | ᠪᠤᠳᠠᠳᠠᠢ ᠶᠢ ᠡᠷᠬᠢᠮᠯᠡᠭᠦ᠂ ᠠᠷᠢᠭᠤᠨ ᠴᠢᠭᠡᠴᠢ ᠦᠵᠡᠯ ᠰᠠᠨᠠᠭ᠎ᠠ ᠪᠤᠯᠤᠨ ᠦᠨᠡᠨᠴᠢ ᠢᠳᠡᠭᠡᠮᠵᠢ ᠲᠠᠢ ᠵᠠᠰᠠᠭ | ᠶᠠᠪᠤᠭᠤᠯᠬᠤ ᠱᠠᠭᠠᠷᠳᠠᠯᠭ᠎ᠠ ᠶᠢ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠦ ᠡᠯ᠎ᠠ ᠲᠠᠯ᠎ᠠ ᠳᠤ ᠢᠯᠡᠷᠡᠭᠦᠯᠵᠤ᠂ | ᠦᠢᠯᠡᠳᠦᠯᠭᠡ ᠶᠢ ᠲᠠᠭᠠᠭᠠᠵᠤ ᠲᠡᠶᠢᠯᠭᠦ᠂ ᠠᠷᠠᠳ ᠲᠦᠮᠡᠨ ᠪᠠ ᠲᠡᠤᠭᠡ ᠶᠢᠨ ᠰᠢᠯᠭᠠᠯᠳᠠ ᠶᠢ ᠬᠦᠯᠢᠶᠡᠵᠦ ᠲᠡᠶᠢᠯᠭᠦ | ᠪᠤᠳᠠᠳᠤ ᠠᠮᠵᠢᠯᠳᠡ ᠶᠢ ᠴᠢᠷᠮᠠᠶᠢᠨ ᠡᠭᠦᠳᠴᠤ᠂ ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢᠶᠠᠨ ᠪᠦᠳᠦᠭᠡᠨ | ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤ ᠪᠠᠷ ᠲᠡᠷᠬᠡᠯᠰᠢᠭᠦᠯᠭᠦ ᠳᠤ ᠦᠵᠡᠭᠦᠯᠪᠡᠰᠦ ᠵᠤᠬᠢᠬᠤ | ᠬᠤᠪᠢ ᠨᠡᠮᠡᠷᠢ ᠪᠠᠨ ᠦᠵᠡᠭᠦᠯᠭᠦ ᠬᠡᠷᠡᠭᠳᠡᠢ ᠬᠡᠪᠠ᠃ | ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠮᠠ ᠰᠢᠤᠸᠠᠢ ᠵᠢᠶᠦ᠋ᠨ᠂ ᠠᠢ ᠯᠢ ᠬᠤᠸᠠ᠂ ᠵᠠᠩ ᠱᠤᠤ | ᠴᠦᠨ᠂ ᠶᠠᠩ ᠸᠧᠢ ᠳ᠋ᠦᠩ᠂ ᠳ᠋ᠤᠸᠠᠨ ᡁᠢ ᠴᠢᠶᠠᠩ᠂ ᠡᠸᠤ ᠶᠠᠩ ᠰᠢᠶᠤᠤ ᠬᠤᠢ᠂ ᠯᠢ ᠪᠢᠩ ᠷᠦᠩ ᠵᠢᠴᠢ | ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠪᠤᠯᠤᠨ ᠨᠢᠭᠡᠴᠢ ᠶᠢᠨ ᠭᠤᠤᠯ | ᠬᠠᠷᠢᠭᠤᠴᠠᠯᠭᠠᠳᠠᠠ ᠨᠦᠬᠦᠳ ᠲᠠᠩᠭᠠᠷᠢᠬᠯᠠᠬᠤ ᠳᠤ ᠭᠡᠷᠡᠴᠢ ᠪᠣᠯᠪᠠ ᠃ |