ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠳᠤᠭᠠᠷ ᠬᠤᠷᠠᠯ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠠ ᠯᠢ ᠵᠢᠢ ᠾᠸᠡᠭ ᠬᠤᠷᠠᠯ ᠢ ᠡᠷᠬᠢᠯᠡᠵᠠᠢ
ᠨᠡᠶᠢᠲᠡᠯᠡᠭᠰᠡᠨ ᠴᠠᠭ᠄
2018/12/5
     12 ᠳ᠋ᠤᠭᠠᠷ ᠰᠠᠷ᠎ᠠ ᠶᠢᠨ 4᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠳᠤᠭᠠᠷ ᠬᠤᠷᠠᠯ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠠ᠃      ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠤᠳᠤ 60 ᠪᠦᠷᠢᠯᠳᠦᠭᠦᠨ ᠲᠠᠢ᠂ 53 ᠬᠦᠮᠦᠨ ᠨᠢ ᠲᠤᠰ ᠤᠳᠠᠭᠠᠨ ᠤ ᠪᠦᠭᠦᠳᠡ ᠬᠤᠷᠠᠯ ᠳᠤ ᠤᠷᠤᠯᠴᠠᠵᠦ᠂ ᠬᠠᠤᠯᠢ ᠳᠤ ᠲᠤᠬᠳᠠᠭᠠᠬᠰᠠᠨ ᠬᠦᠮᠦᠨ ᠤ  ᠲᠤᠭ᠎ᠠ  ᠲᠠᠢ  ᠨᠡᠶᠢᠴᠡᠪᠡ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠸᠡᠭ ᠬᠤᠷᠠᠯ ᠢ ᠡᠷᠬᠢᠯᠡᠵᠠᠢ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠲᠡᠳ᠋ ᠡᠷᠬᠢᠯᠡᠭᠴᠢ ᠨᠠᠰᠤᠨᠮᠦ᠋ᠡᠭᠭᠡ᠂ ᠲᠡᠳ᠋ ᠡᠷᠬᠢᠯᠡᠭᠴᠢ ᠸᠠᠩ ᠪᠦᠸᠧ᠂ ᠡᠤ ᠲᠤᠸᠠᠨ ᠶᠢᠩ᠂ ᠯᠢ ᠷᠦᠡᠭ ᠰᠢ᠂ ᠯᠢᠶᠠᠨ ᠰᠤ᠋ ᠪᠤᠯᠤᠨ ᠨᠠᠷᠢᠨ ᠪᠢᠴᠢᠭ ᠤᠨ ᠲᠠᠷᠤᠭ᠎ᠠ ᠱᠢ ᠸᠧᠨ ᠰᠢᠤᠸᠠᠢ ᠵᠢᠴᠢ ᠪᠠᠶᠢᠩᠭᠤ ᠶᠢᠨ ᠭᠡᠰᠢᠭᠦᠳ ᠬᠤᠷᠠᠯ ᠳᠤ ᠤᠷᠤᠯᠴᠠᠵᠠᠢ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠡᠸᠤ ᠶᠠᠩ ᠰᠢᠶᠤᠤ ᠬᠤᠢ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶᠠᠨ ᠤ ᠲᠠᠷᠤᠭ᠎ᠠ ᠶᠠᠩ ᠽᠦᠡᠭ ᠷᠧᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠲᠠᠷᠤᠭ᠎ᠠ ᠯᠢ ᠴᠢ ᠯᠢᠨ ᠬᠤᠷᠠᠯ ᠳᠤ ᠰᠤᠯᠠ ᠤᠷᠤᠯᠴᠠᠵᠠᠢ᠃      ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ ᠡᠤ ᠲᠤᠸᠠᠨ ᠶᠢᠩ ᠤᠨ ᠬᠢᠭᠰᠡᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠭᠦ ᠪᠠᠶᠢᠴᠠᠭᠠᠯᠲᠠ ᠶᠢᠨ ᠳᠤᠭᠤᠶᠢᠯᠠᠩ ᠤᠨ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡ ᠶᠢᠨ ᠪᠠᠳᠤᠯᠠᠭ᠎ᠠ ᠶᠢᠨ ᠬᠠᠤᠯᠢ︾᠎ ᠶᠢ ᠬᠡᠷᠡᠭᠵᠢᠭᠦᠯᠦᠭᠰᠡᠨ ᠪᠠᠶᠢᠳᠠᠯ ᠤᠨ ᠪᠠᠶᠢᠴᠠᠭᠠᠯᠲᠠ ᠶᠢᠨ ᠲᠤᠬᠠᠢ ᠮᠡᠳᠡᠭᠦᠯᠦᠯᠳᠡ ᠶᠢ ᠰᠤᠨᠤᠰᠪᠠ︔ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶᠠᠨ ᠤ ᠲᠠᠷᠤᠭ᠎ᠠ ᠶᠠᠩ ᠽᠦᠡᠭ ᠷᠧᠨ ᠤ ᠬᠢᠭᠰᠡᠨ ︽ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶᠠᠨ ᠤ ︿ᠠᠷᠠᠳ ᠤᠨ ᠰᠢᠭᠦᠭᠦ ᠬᠤᠷᠢᠶᠠᠨ ᠤ ᠭᠦᠢᠴᠡᠳᠭᠡᠭᠦ ᠠᠵᠢᠯ ᠢ ᠴᠢᠩᠭᠠᠳᠬᠠᠬᠤ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠬᠳᠠᠭᠠᠯ﹀᠎ ᠢ ᠲᠤᠭᠤᠰᠢᠯᠠᠭᠤᠯᠵᠦ ᠬᠡᠷᠡᠭᠵᠢᠭᠦᠯᠦᠭᠰᠡᠨ ᠪᠠ ︿ᠭᠦᠢᠴᠡᠳᠭᠡᠭᠦ ᠤᠨ﹀᠎ ᠤ ᠲᠤᠰᠬᠠᠢ ᠲᠦᠷᠦᠯ ᠤᠨ ᠠᠵᠢᠯ ᠢ ᠦᠷᠨᠢᠭᠦᠯᠦᠭᠰᠡᠨ ᠪᠠᠶᠢᠳᠠᠯ ᠤᠨ ᠮᠡᠳᠡᠭᠦᠯᠦᠯᠳᠡ ᠶᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠎ ᠤ ᠬᠢᠨᠠᠨ ᠵᠦᠪᠯᠡᠭᠰᠡᠨ ᠰᠠᠨᠠᠯ︾᠎ ᠢ ᠰᠢᠢᠳᠪᠤᠷᠢᠯᠡᠭᠰᠡᠨ ᠪᠠᠶᠢᠳᠠᠯ ᠤᠨ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶᠠᠨ ᠤ ᠮᠡᠳᠡᠭᠦᠯᠦᠯᠳᠡ᠂ ᠦᠪᠡᠷᠳᠡᠭᠡᠨ ᠵᠠᠰᠠᠬᠤ ᠤᠷᠤᠨ ᠤ ᠠᠷᠠᠳ ᠎ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠲᠠᠷᠤᠭ᠎ᠠ ᠯᠢ ᠴᠢ ᠯᠢᠨ ᠤ ᠬᠢᠭᠰᠡᠨ ᠪᠦᠭᠦ ᠤᠷᠤᠨ ᠤ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠦᠷᠨᠢᠭᠦᠯᠦᠭᠰᠡᠨ ᠪᠠᠶᠢᠳᠠᠯ ᠤᠨ ᠲᠤᠬᠠᠢ ᠮᠡᠳᠡᠬᠦᠯᠦᠯᠳᠡ ᠶᠢ ᠰᠤᠨᠤᠰᠪᠠ᠃      ᠬᠤᠷᠠᠯ ᠠᠴᠠ ᠪᠠᠰᠠ ᠦᠪᠡᠷᠳᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠭᠢᠮ ᠤᠨ ᠲᠠᠷᠤᠭ᠎ᠠ ᠾᠧ ᡁᠢ ᠯᠢᠶᠠᠩ ᠤᠨ ᠬᠢᠭᠰᠡᠨ ᠵᠢᠭᠤᠯᠴᠢᠯᠠᠯ ᠤᠨ ᠦᠢᠯᠡᠰ ᠤᠨ ᠬᠦᠭᠵᠢᠯᠳᠠ ᠶᠢ ᠲᠦᠷᠭᠡᠳᠭᠡᠨ ᠠᠬᠢᠭᠤᠯᠤᠬᠰᠠᠨ ᠪᠠᠶᠢᠳᠠᠯ ᠤᠨ ᠮᠡᠳᠡᠭᠦᠯᠦᠯᠳᠡ ᠶᠢ ᠬᠢᠨᠠᠨ ᠵᠦᠪᠯᠡᠭᠰᠡᠨ ᠰᠠᠨᠠᠯ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠳᠡ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯᠳᠠᠨ ᠤ ᠶᠠᠪᠤᠳᠠᠯ ᠲᠦᠯᠦᠭᠡᠯᠡᠭᠴᠢ ᠶᠢᠨ ᠰᠤᠩᠭᠤᠭᠤᠯᠢ ᠶᠢᠨ ᠠᠵᠢᠯ ᠎ ᠤᠨ ᠵᠦᠪᠯᠡᠯ ᠤᠨ ᠡᠷᠬᠢᠯᠡᠭᠴᠢ ᠰᠦᠨ ᠸᠧᠢ ᠳ᠋ᠦᠩ ᠤᠨ ᠬᠢᠭᠰᠡᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠦᠯᠦᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠠᠯ ᠪᠠ ᠰᠠᠨᠠᠯ ᠢ ᠰᠢᠢᠳᠪᠤᠷᠢᠯᠡᠭᠰᠡᠨ ᠪᠠᠶᠢᠳᠠᠯ ᠤᠨ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠎ ᠤ ᠠᠵᠢᠯᠳᠠᠨ ᠤ ᠶᠠᠪᠤᠳᠠᠯ ᠲᠦᠯᠦᠭᠡᠯᠡᠭᠴᠢ ᠶᠢᠨ ᠰᠤᠩᠭᠤᠭᠤᠯᠢ ᠶᠢᠨ ᠠᠵᠢᠯ ᠤᠨ ᠵᠦᠪᠯᠡᠯ ᠤᠨ ᠮᠡᠳᠡᠭᠦᠯᠦᠯᠳᠡ︔ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠨᠠᠷᠢᠨ ᠪᠢᠴᠢᠭ ᠤᠨ ᠲᠠᠷᠤᠭ᠎ᠠ ᠪᠤᠤ ᠵᠧᠨ ᠢᠤᠢ ᠶᠢᠨ ᠬᠢᠭᠰᠡᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠦᠯᠦᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠠᠯ ᠪᠠ ᠰᠠᠨᠠᠯ ᠢ ᠰᠢᠢᠳᠪᠤᠷᠢᠯᠡᠭᠰᠡᠨ ᠪᠠᠶᠢᠳᠠᠯ ᠤᠨ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠠᠯᠪᠠᠨ ᠲᠢᠩᠭᠢᠮ ᠤᠨ ᠮᠡᠳᠡᠭᠦᠯᠦᠯᠳᠡ︔ ᠦᠪᠡᠷᠳᠡᠭᠡᠨ ᠵᠠᠰᠠᠬᠤ ᠤᠷᠤᠨ ᠤ ᠬᠦᠮᠦᠨ ᠤ ᠬᠦᠴᠤᠨ ᠤ ᠡᠭᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠢᠩᠭᠢᠮ ᠤᠨ ᠲᠠᠷᠤᠭ᠎ᠠ ᠨᠠ ᠸᠧᠢ ᠴᠢᠩ ᠤᠨ ᠬᠢᠭᠰᠡᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠦᠯᠦᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠠᠯ ᠪᠠ ᠰᠠᠨᠠᠯ ᠢ ᠰᠢᠢᠳᠪᠤᠷᠢᠯᠡᠭᠰᠡᠨ ᠪᠠᠶᠢᠳᠠᠯ ᠤᠨ ᠲᠤᠬᠠᠢ ᠦᠪᠡᠷᠳᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠭᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠢᠩᠭᠢᠮ ᠤᠨ ᠮᠡᠳᠡᠭᠦᠯᠦᠯᠳᠡ ᠶᠢ ᠰᠤᠨᠤᠰᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号