ᠥᠪᠥᠷ ᠮᠣᠩᠭᠤᠯ ᠤᠨ ᠲᠡᠮᠦᠷ ᠵᠠᠮ ᠤᠨ ᠲᠡᠭᠡᠭᠡᠪᠦᠷᠢ ᠶᠢᠨ ᠪᠦᠬᠦ ᠣᠷᠳᠣ ᠨᠢ 1.4 ᠲᠦᠮᠡᠨ ᠺᠢᠯᠣᠮᠧᠲᠷ ᠢ ᠳᠠᠪᠠᠵᠤ ᠪᠦᠬᠦ ᠤᠯᠤᠰ ᠲᠤ ᠣᠷᠣᠶᠢᠯᠠᠪᠠ
ᠨᠡᠶᠢᠲᠡᠯᠡᠭᠰᠡᠨ ᠴᠠᠭ᠄
2018/12/5
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 3᠎ ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ ᠨᠡᠪᠲᠡᠷᠡᠭᠦᠯᠦᠭᠰᠡᠨ ᠢᠶᠠᠷ᠂ 1978 ᠣᠨ ᠠᠴᠠ ᠨᠠᠭᠠᠰᠢ᠂ ᠥᠪᠥᠷ ᠮᠣᠩᠭᠤᠯ ᠤᠨ ᠵᠠᠮ ᠲᠡᠭᠡᠭᠡᠪᠦᠷᠢ ᠶᠢᠨ ᠦᠢᠯᠡᠰ ᠳᠡᠭᠡᠳᠦ ᠬᠤᠷᠳᠤᠴᠠ ᠪᠠᠷ ᠬᠥᠭᠵᠢᠭᠡᠳ ᠣᠳᠣ ᠪᠣᠯᠬᠤ ᠳᠤ᠂ ᠲᠡᠮᠦᠷ ᠵᠠᠮ ᠤᠨ ᠲᠡᠭᠡᠭᠡᠪᠦᠷᠢ ᠶᠢᠨ ᠪᠦᠬᠦ ᠤᠷᠳᠤ ᠨᠢ 1.4 ᠲᠦᠮᠡᠨ ᠺᠢᠯᠣᠮᠧᠲᠷ ᠢ ᠳᠠᠪᠠᠵᠤ᠂ 1978 ᠣᠨ ᠤ 8.8 ᠳᠠᠬᠢᠨ ᠪᠣᠯᠵᠤ ᠪᠦᠬᠦ ᠤᠯᠤᠰ ᠲᠤ ᠣᠷᠣᠶᠢᠯᠠᠵᠠᠢ᠃      ᠳ᠋ᠠᠶᠢᠲ᠋ᠠ ᠠᠴᠠ ᠦᠵᠡᠪᠡᠯ᠂ ᠣᠳᠣᠬᠠᠨ ᠳᠤ ᠥᠪᠥᠷ ᠮᠣᠩᠭᠤᠯ ᠤᠨ ᠪᠥᠬᠦ ᠣᠷᠣᠨ ᠤ ᠲᠡᠷᠭᠡ ᠨᠡᠪᠲᠡᠷᠡᠭᠰᠡᠨ ᠵᠠᠰᠠᠮᠠᠯ ᠵᠠᠮ ᠤᠨ ᠪᠦᠬᠦ ᠤᠷᠲᠤ ᠨᠢ 19.9 ᠲᠦᠮᠡᠨ ᠺᠢᠯᠣᠮᠧᠲᠷ ᠲᠤ ᠬᠦᠷᠴᠦ᠂ 1978 ᠣᠨ ᠤ ᠬᠢ ᠠᠴᠠ 11 ᠳᠠᠬᠢᠨ ᠪᠣᠯᠵᠠᠢ︔ ᠳᠡᠭᠡᠳᠦ ᠬᠤᠷᠳᠤᠴᠠᠲᠤ ᠵᠠᠰᠠᠮᠠᠯ ᠵᠠᠮ ᠪᠠ ᠨᠢᠭᠡᠳᠦᠭᠡᠷ ᠳᠡᠰ ᠤᠨ ᠵᠠᠰᠠᠮᠠᠯ ᠵᠠᠮ ᠤᠨ ᠤᠷᠳᠤ ᠨᠢ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠤᠵᠠᠢ︔ 27 ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠲᠠᠢ ᠪᠣᠯᠵᠤ᠂ ᠠᠶᠢᠮᠠᠭ ᠬᠤᠲᠠ ᠪᠦᠬᠦᠨ ᠳᠤ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠲᠠᠢ ᠪᠣᠯᠤᠭᠰᠠᠨ ᠪᠠᠶᠢᠨ᠎ᠠ︔ ᠲᠡᠮᠦᠷ ᠵᠠᠮ ᠤᠨ ᠲᠡᠭᠡᠭᠡᠪᠦᠷᠢ ᠶᠢᠨ ᠪᠦᠬᠦ ᠤᠷᠳᠤ ᠨᠢ 1.4 ᠲᠦᠮᠡᠨ ᠺᠢᠯᠣᠮᠧᠲᠷ ᠢ ᠳᠠᠪᠠᠵᠤ᠂ ᠪᠦᠬᠦ ᠤᠯᠤᠰ ᠲᠤ ᠣᠷᠣᠶᠢᠯᠠᠵᠠᠢ᠃ ᠲᠠᠨᠢᠯᠴᠠᠭᠤᠯᠤᠭᠰᠠᠨ ᠢᠶᠠᠷ᠂ ᠤᠯᠤᠰ ᠤᠨ ᠲᠥᠯᠥᠪᠵᠢᠭᠦᠯᠭᠡ ᠶᠢᠨ ︽ᠨᠠᠢᠮᠠᠨ ᠭᠤᠯᠳᠤ ᠨᠠᠢᠮᠠᠨ ᠬᠥᠨᠳᠡᠯᠡᠨ︾ ᠳᠡᠭᠡᠳᠦ ᠬᠤᠷᠳᠤᠴᠠᠲᠤ ᠲᠡᠮᠦᠷ ᠵᠠᠮ ᠤᠨ ᠲᠣᠣᠷ ᠤᠨ ᠪᠦᠷᠢᠯᠳᠦᠬᠦᠨ ᠬᠡᠰᠡᠭ — ᠰᠢᠨ ᠮᠢᠨ ᠬᠤᠶᠢᠲᠤ ᠥᠷᠲᠡᠭᠡᠨ ᠠᠴᠠ ᠲᠦᠩᠯᠢᠶᠣᠤ ᠬᠦᠷᠬᠦ ᠲᠡᠮᠦᠷ ᠵᠠᠮ ᠨᠢ ᠥᠨᠥᠬᠡᠨ ᠠᠶᠠᠨᠴᠢᠨ ᠲᠡᠭᠡᠭᠡᠪᠦᠷᠢ ᠶᠢ ᠲᠤᠷᠰᠢᠨ ᠠᠶᠠᠯᠠᠭᠤᠯᠬᠤ ᠰᠣᠷᠢᠯᠲᠠ ᠬᠢᠭᠰᠡᠨ ᠠᠴᠠ ᠬᠤᠶᠢᠰᠢ᠂ ᠥᠪᠥᠷ ᠮᠣᠩᠭᠤᠯ ᠠᠩᠬ᠎ᠠ ᠤᠳᠠᠭ᠎ᠠ ᠪᠦᠬᠦ ᠤᠯᠤᠰ ᠤᠨ ᠳᠡᠭᠡᠳᠦ ᠬᠤᠷᠳᠤᠴᠠᠲᠤ ᠲᠡᠮᠦᠷ ᠵᠠᠮ ᠤᠨ ᠲᠣᠤᠷ ᠲᠤ ᠵᠠᠯᠭᠠᠨ ᠣᠷᠤᠪᠠ᠂ ᠡᠨᠡ ᠨᠢ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠢ ᠳᠡᠭᠡᠳᠦ ᠬᠤᠷᠳᠤᠴᠠᠲᠤ ᠲᠡᠮᠦᠷ ᠵᠠᠮ ᠤᠨ ᠴᠠᠭ ᠦᠶ᠎ᠡ ᠳᠤ ᠣᠷᠤᠭᠤᠯᠤᠭᠰᠠᠨ ᠪᠠᠶᠢᠨ᠎ᠠ᠃ ᠣᠳᠣᠬᠠᠨ ᠳᠤ᠂ ᠥᠪᠥᠷ ᠮᠣᠩᠭᠤᠯ ᠢᠶᠠᠷ ᠬᠢᠯᠢ ᠥᠩᠭᠡᠷᠡᠳᠡᠭ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠨᠢᠭᠡᠨᠲᠡ ᠬᠡᠪ ᠤᠨ ᠠᠵᠢᠯᠯᠠᠭᠠᠨ ᠳᠤ ᠪᠠᠨ ᠣᠷᠤᠭᠰᠠᠨ ᠪᠠᠶᠢᠨ᠎ᠠ᠃ ᠮᠠᠨᠵᠤᠤᠷ᠂  ᠡᠷᠢᠶᠡᠨ ᠬᠤᠲᠠ ᠪᠣᠯ ᠲᠤᠰ ᠲᠤᠰ ᠮᠠᠨ ᠤ ᠤᠯᠤᠰ ᠤᠨ ᠣᠷᠣᠰ᠂ ᠮᠣᠩᠭᠤᠯ ᠳᠤ ᠬᠠᠨᠳᠤᠭᠤᠯᠤᠭᠰᠠᠨ ᠬᠠᠮᠤᠭ ᠤᠨ ᠲᠣᠮᠣ ᠬᠠᠭᠤᠷᠠᠶ ᠵᠠᠮ ᠤᠨ ᠪᠣᠭᠤᠮᠲᠠ ᠪᠣᠯᠤᠨ᠎ᠠ᠂ 2017 ᠣᠨ ᠳᠤ ᠡᠨᠡ ᠬᠤᠶᠠᠷ ᠪᠣᠭᠤᠮᠲᠠ ᠪᠠᠷ ᠳᠤᠮᠳᠠᠳᠤ ᠧᠦ᠋ᠷᠣᠫᠠ ᠶᠢᠨ 1877 ᠴᠤᠪᠤᠭ᠎ᠠ ᠡᠭᠡᠯᠵᠢ ᠶᠢᠨ ᠭᠠᠯᠲᠤ ᠲᠡᠷᠭᠡ ᠬᠢᠯᠢ ᠥᠩᠭᠡᠷᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号