ᠲᠦᠩᠯᠢᠶᠣᠤ ᠬᠤᠳᠠ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠰᠠᠶᠢᠨ ᠪᠠᠶᠢᠵᠤ ᠣᠷᠣᠯᠭ᠎ᠠ ᠨᠢ ᠲᠣᠭᠲᠠᠭᠤᠨ ᠢᠶᠠᠷ ᠳᠡᠭᠡᠭᠰᠢᠯᠡᠪᠡ
ᠨᠡᠶᠢᠲᠡᠯᠡᠭᠰᠡᠨ ᠴᠠᠭ᠄
2018/12/5
    ᠲᠦᠷᠦᠭᠦᠦ ᠭᠤᠷᠪᠠᠨ ᠤᠯᠠᠷᠢᠯ ᠳᠤ᠂ ᠲᠦᠩᠯᠢᠶᠣᠤ ᠬᠤᠲᠠ ᠶᠢᠨ ᠭᠤᠷᠪᠠᠳᠤᠭᠠᠷ ᠠᠵᠤ ᠦᠢᠯᠡᠰ ᠤᠨ GDP᠎ ᠳᠠᠬᠢ ᠡᠵᠡᠯᠡᠬᠦ ᠬᠤᠪᠢ ᠶᠢᠨ ᠵᠢᠩ ᠨᠢ 60.2%᠎ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1.7 ᠵᠠᠭᠤᠨ ᠤ ᠴᠡᠭ ᠨᠡᠮᠡᠭᠳᠡᠪᠡ᠃ ᠠᠵᠤ ᠠᠬᠤᠶᠢᠯᠠᠯ ᠤᠨ ᠦᠷ᠎ᠡ ᠠᠰᠢᠭ ᠨᠡᠯᠢᠶᠡᠳ ᠲᠦᠷᠭᠡᠨ ᠨᠡᠮᠡᠭᠳᠡᠵᠡᠢ᠃ ᠲᠦᠷᠦᠭᠦᠦ ᠭᠤᠷᠪᠠᠨ ᠤᠯᠠᠷᠢᠯ ᠳᠤ᠂ 107 ᠡᠷᠦᠬᠡ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠨᠢ 109.3 ᠳ᠋ᠦᠩᠰᠢᠭᠤᠷ ᠲᠥᠭᠦᠷᠢᠭ ᠲᠤ ᠬᠦᠷᠴᠦ᠂ 35.1%᠎ ᠪᠠᠷ ᠨᠡᠮᠡᠭᠳᠡᠨ᠂ 31 ᠡᠷᠤᠭᠡ ᠬᠡᠪᠴᠢᠶᠡᠵᠢᠯ ᠠᠴᠠ ᠳᠡᠭᠡᠭᠰᠢᠬᠢ ᠪᠤᠰᠤᠳ ᠠᠰᠢᠭ ᠣᠯᠵᠠᠪᠤᠷᠢ ᠶᠢᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠨᠢ 3.4 ᠳ᠋ᠦᠩᠰᠢᠭᠤᠷ ᠲᠥᠭᠦᠷᠢᠭ ᠲᠤ ᠬᠦᠷᠴᠦ᠂ 10.3%᠎ ᠪᠠᠷ ᠨᠡᠮᠡᠭᠳᠡᠪᠡ᠃ ᠵᠢᠭᠤᠯᠴᠢᠯᠠᠯ ᠤᠨ ᠦᠢᠯᠡᠰ ᠤᠨ ᠲᠠᠯ᠎ᠠ ᠪᠠᠷ᠂ 1 — 10 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠲᠤᠰᠴᠣ ᠠᠪᠤᠭᠰᠠᠨ ᠵᠤᠭᠠᠴᠠᠭᠰᠠᠳ652.2 ᠲᠦᠮᠡᠨ ᠬᠥᠮᠦᠨ ᠤᠳᠠᠭ᠎ᠠ ᠳᠤ ᠬᠦᠷᠴᠦ᠂ 18.2%᠎ ᠢᠶᠠᠷ ᠨᠡᠮᠡᠭᠳᠡᠨ᠂ ᠵᠢᠭᠤᠯᠴᠢᠯᠠᠯ ᠤᠨ ᠣᠷᠣᠯᠭ᠎ᠠ ᠶᠢ 167.8 ᠳ᠋ᠦᠩᠰᠢᠭᠤᠷ ᠪᠡᠶᠡᠯᠡᠭᠦᠯᠦᠨ᠂ 22.4% ᠨᠡᠮᠡᠭᠳᠡᠪᠡ᠃ ᠭᠡᠷ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠲᠠᠯ᠎ᠠ ᠪᠠᠷ᠂ 1 — 10 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠡᠷ ᠭᠠᠵᠠᠷ ᠬᠥᠷᠥᠩᠭᠡ ᠶᠢᠨ ᠲᠥᠷᠥᠯ ᠵᠦᠢᠯ ᠤᠨ ᠰᠢᠨ᠎ᠡ ᠪᠠᠷ ᠠᠵᠢᠯ ᠡᠬᠢᠯᠡᠭᠦᠯᠦᠭᠰᠡᠨ ᠲᠠᠯᠠᠪᠠᠶ 302.6 ᠲᠡᠭᠰᠢ ᠳᠥᠷᠪᠡᠯᠵᠢᠨ ᠮᠧᠲᠷ ᠲᠤ ᠬᠦᠷᠴᠦ᠂ 130%᠎ ᠪᠠᠷ ᠨᠡᠮᠡᠭᠳᠡᠭᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号