ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2018-12-05
     ᠭᠤᠣᠯ ᠡᠭᠦᠷᠭᠡ ᠬᠠᠷᠢᠭᠤᠴᠠᠯᠭ᠎ᠠ᠄      ︵ᠨᠢᠭᠡ︶ ᠭᠢᠨᠳᠠᠨ ᠤ ᠬᠠᠮᠢᠶᠠᠷᠤᠯᠲᠠ ᠶᠢᠨ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠨ᠎ᠠ︔ ᠥᠪᠡᠷᠲᠡᠭᠡᠨ ᠵᠠᠰᠠᠬᠤ ᠣᠷᠣᠨ ᠤ ᠭᠢᠨᠳᠠᠨ ᠤ ᠬᠠᠮᠢᠶᠠᠷᠤᠯᠲᠠ ᠶᠢᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠥᠷᠢᠮ ᠲᠣᠭᠲᠠᠭᠠᠯ ᠤᠨ ᠡᠭᠡ ᠨᠤᠤᠷᠠᠬ ᠪᠠ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠨ᠎ᠠ︔ ᠪᠥᠬᠦ ᠣᠷᠣᠨ ᠤ ᠭᠢᠨᠳᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ︵ᠬᠤᠶᠠᠷ︶ ᠪᠥᠬᠦ ᠣᠷᠣᠨ ᠤ ᠭᠢᠨᠳᠠᠨ ᠤ ᠡᠷᠡᠭᠦᠦ ᠶᠢᠨ ᠰᠢᠳᠬᠡᠯ ᠤᠨ ᠬᠡᠷᠡᠭᠵᠢᠭᠦᠯᠦᠯᠲᠡ᠂ ᠭᠢᠨᠳᠠᠨ ᠤ ᠶᠠᠪᠤᠳᠠᠯ ᠤᠨ ᠬᠠᠮᠢᠶᠠᠷᠤᠯᠲᠠ᠂ ᠭᠢᠨᠳᠠᠨ ᠤ ᠳᠣᠲᠣᠭᠠᠳᠤᠬᠢ ᠴᠠᠭᠳᠠᠨ ᠪᠠᠶᠢᠴᠠᠭᠠᠯᠲᠠ᠂ ᠠᠮᠢᠳᠤᠷᠠᠯ ᠡᠷᠡᠭᠦᠯ ᠬᠠᠮᠠᠭᠠᠯᠠᠯ ᠤᠨ ᠬᠠᠮᠢᠶᠠᠷᠤᠯᠲᠠ᠂ ᠰᠤᠷᠭᠠᠨ ᠬᠦᠮᠦᠵᠢᠯ ᠢᠶᠠᠷ ᠥᠭᠡᠷᠡᠴᠢᠯᠡᠬᠦ ᠪᠠ ᠬᠥᠳᠡᠯᠮᠦᠷᠢ ᠪᠠᠷ ᠥᠭᠡᠷᠡᠴᠢᠯᠡᠬᠦ ᠶᠢ ᠬᠢᠨᠠᠨ ᠬᠠᠮᠢᠶᠠᠷᠴᠤ᠂ ᠨᠡᠶᠢᠭᠡᠮ ᠲᠣᠭᠤᠷᠢᠭ ᠤᠨ ᠵᠠᠰᠠᠮᠵᠢᠯᠠᠬᠤ ᠠᠵᠢᠯᠯᠠᠭ᠎ᠠ᠂ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠦᠰ ᠢ ᠲᠥᠪᠬᠢᠨᠡᠭᠦᠯᠬᠦ ᠬᠠᠪᠰᠤᠷᠤᠨ ᠬᠥᠮᠦᠵᠢᠭᠦᠯᠬᠦ ᠠᠵᠢᠯ ᠳᠤ ᠣᠷᠤᠯᠴᠠᠨ᠎ᠠ᠃      ︵ᠭᠤᠷᠪᠠ︶ ᠪᠥᠬᠦ ᠣᠷᠣᠨ ᠤ ᠭᠢᠨᠳᠠᠨ ᠢ ᠠᠮᠤᠷ ᠲᠦᠪᠰᠢᠨ ᠲᠣᠭᠲᠠᠭᠤᠨ ᠪᠠᠶᠢᠯᠭᠠᠬᠤ ᠶᠢ ᠬᠠᠷᠢᠭᠤᠴᠠᠵᠤ᠂ ᠪᠥᠬᠦ ᠣᠷᠣᠨ ᠤ ᠭᠢᠨᠳᠠᠨ ᠤ ᠭᠡᠨᠡᠳᠲᠡ ᠶᠢᠨ ᠴᠢᠨᠠᠷᠲᠠᠢ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠠᠵᠢᠯ ᠢ ᠵᠢᠯᠣᠭᠤᠳᠴᠤ ᠵᠣᠬᠢᠴᠠᠭᠤᠯᠤᠨ᠎ᠠ᠃      ︵ᠳᠥᠷᠪᠡ︶ ᠪᠥᠬᠦ ᠣᠷᠣᠨ ᠤ ᠭᠢᠨᠳᠠᠨ ᠤ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠭᠢᠨᠳᠠᠨ ᠤ ᠪᠠᠶᠢᠷᠢᠰᠢᠭᠤᠯᠤᠯ᠂ ᠲᠣᠬᠢᠷᠠᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠣᠷᠣᠨ ᠤ ᠭᠢᠨᠳᠠᠨ ᠤ ᠪᠦᠳᠦᠭᠡᠠ ᠪᠠᠶᠢᠭᠤᠯᠤᠯᠲᠠ ᠶᠢ ᠬᠢᠨᠠᠨ ᠬᠠᠮᠢᠶᠠᠷᠤᠨ᠎ᠠ︔ ᠪᠥᠬᠦ ᠣᠷᠣᠨ ᠤ ᠶᠠᠯᠠᠲᠠᠨ ᠢ ᠲᠣᠰᠬᠤ ᠬᠤᠷᠢᠬᠤ᠂ ᠰᠢᠯᠵᠢᠭᠦᠯᠦᠨ ᠲᠣᠬᠢᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠲᠠᠪᠤ︶ ᠪᠥᠬᠦ ᠣᠷᠣᠨ ᠤ ᠭᠢᠨᠳᠠᠨ ᠤ ᠡᠳ᠋ ᠤᠨ ᠶᠠᠪᠤᠳᠠᠯ᠂ ᠬᠢᠨᠠᠨ ᠪᠤᠳᠤᠬᠤ ᠪᠠ ᠡᠳ᠋ ᠬᠦᠷᠦᠩᠭᠡ ᠶᠢ ᠬᠠᠮᠢᠶᠠᠷᠬᠤ ᠪᠠ ᠬᠢᠨᠠᠯᠲᠠ ᠲᠠᠯᠪᠢᠨ᠎ᠠ︔ ᠭᠢᠨᠳᠠᠨ ᠤ ᠠᠵᠤ ᠠᠬᠤᠶᠢᠯᠠᠯ ᠤᠨ ᠤᠯᠤᠰ ᠤᠨ ᠦᠮᠴᠢᠯᠡᠯᠲᠥ ᠡᠳ᠋ ᠬᠦᠷᠦᠩᠭᠡ ᠶᠢᠨ ᠦᠷᠳᠡᠭ ᠢ ᠪᠠᠲᠤᠯᠠᠵᠤ ᠦᠷᠳᠡᠭ ᠢ ᠨᠡᠮᠡᠭᠳᠡᠭᠦᠯᠬᠦ ᠳᠤ ᠵᠢᠯᠣᠭᠤᠳᠬᠤ ᠪᠠ ᠬᠢᠨᠠᠯᠲᠠ ᠲᠠᠯᠪᠢᠨ᠎ᠠ᠃      ︵ᠵᠢᠷᠭᠤᠭ᠎ᠠ︶ ᠪᠥᠬᠦ ᠣᠷᠣᠨ ᠤ ᠭᠢᠨᠳᠠᠨ ᠤ ᠲᠣᠨᠤᠭ ᠲᠥᠬᠦᠭᠡᠷᠦᠮᠵᠢ᠂ ᠪᠠᠭᠠᠵᠢ ᠬᠡᠷᠡᠭᠰᠡᠯ ᠢ ᠬᠠᠷᠢᠭᠤᠴᠠᠨ ᠬᠠᠮᠢᠶᠠᠷᠴᠤ᠂ ᠪᠥᠬᠦ ᠣᠷᠣᠨ ᠤ ᠭᠢᠨᠳᠠᠨ ᠪᠠ ᠭᠢᠨᠳᠠᠨ ᠤ ᠶᠠᠪᠤᠳᠠᠯ ᠤᠨ ᠰᠡᠷᠡᠮᠵᠢ ᠶᠢᠨ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠬᠢᠨᠠᠨ ᠬᠠᠮᠢᠶᠠᠷᠤᠨ᠎ᠠ᠃      ︵ᠲᠤᠯᠤᠭ᠎ᠠ︶ ᠪᠥᠬᠦ ᠣᠷᠣᠨ ᠤ ᠭᠢᠨᠳᠠᠨ ᠤ ᠠᠶᠤᠯ ᠦᠭᠡᠢ ᠦᠢᠯᠡᠳᠪᠦᠷᠢᠯᠡᠯ ᠪᠠ ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠢᠯ ᠢ ᠬᠠᠮᠢᠶᠠᠷᠬᠤ ᠪᠠ ᠬᠢᠨᠠᠯᠲᠠ ᠲᠠᠯᠪᠢᠨ᠎ᠠ᠃      ︵ᠨᠠᠢᠮᠠ︶ ᠪᠥᠬᠦ ᠣᠷᠣᠨ ᠤ ᠭᠢᠨᠳᠠᠨ ᠤ ᠮᠡᠳᠡᠭᠡ ᠵᠠᠩᠬᠢᠴᠢᠯᠠᠬᠤ ᠪᠠᠶᠢᠭᠤᠯᠤᠯᠲᠠ ᠶᠢᠨ ᠠᠵᠢᠯ ᠢ ᠬᠠᠮᠢᠶᠠᠷᠤᠨ᠎ᠠ᠃      ︵ᠶᠢᠰᠦ︶ ᠪᠥᠬᠦ ᠣᠷᠣᠨ ᠤ ᠭᠢᠨᠳᠠᠨ ᠤ ᠭᠠᠳᠠᠭᠠᠳᠤ ᠲᠠᠢ ᠰᠣᠯᠢᠯᠴᠠᠭ᠎ᠠ ᠬᠢᠬᠦ ᠪᠠ ᠤᠬᠠᠭᠤᠯᠬᠤ ᠠᠵᠢᠯ ᠢ ᠬᠠᠮᠢᠶᠠᠷᠤᠨ ᠵᠢᠯᠣᠭᠤᠳᠤᠨ᠎ᠠ᠃      ︵ᠠᠷᠪᠠ︶ ᠪᠥᠬᠦ ᠣᠷᠣᠨ ᠤ ᠭᠢᠨᠳᠠᠨ ᠤ ᠠᠷᠠᠳ ᠤᠨ ᠴᠠᠭᠳᠠᠭ᠎ᠠ ᠶᠢᠨ ᠡᠩᠨᠡᠭᠡᠨ ᠤ ᠪᠠᠶᠢᠭᠤᠯᠤᠯᠲᠠ ᠪᠠ ᠠᠵᠢᠯᠲᠠᠨ ᠠᠵᠢᠯᠴᠢᠨ ᠤ ᠡᠩᠨᠡᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠨᠢᠭᠡ︶ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠠᠴᠠ ᠲᠤᠰᠢᠶᠠᠭᠰᠠᠨ ᠪᠤᠰᠤᠳ ᠶᠠᠪᠤᠳᠠᠯ ᠢ ᠳᠠᠭᠠᠭᠠᠨ ᠭᠦᠢᠴᠡᠳᠬᠡᠨ᠎ᠡ᠃      ᠬᠠᠶ᠋ᠢᠭ᠄ ᠴᠡᠯᠡᠭᠡᠷ ᠲᠠᠯ᠎ᠠ ᠶᠡᠭᠡ ᠵᠡᠭᠡᠯᠢ ᠪᠣᠯᠤᠨ ᠬᠤᠷᠴᠢᠨ ᠲᠦᠷᠭᠡᠨ ᠵᠠᠮ ᠤᠨ ᠠᠭᠤᠯᠵᠠᠷ ᠭᠠᠵᠠᠷ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号