ᠦᠪᠦᠷ ᠮᠤᠩᠭᠤᠯ 31 ᠳ᠋ᠦᠩᠰᠢᠭᠤᠷ ᠲᠦᠬᠦᠷᠢᠭ ᠤᠨ ᠵᠠᠰᠠᠭ ᠤᠨ ᠤᠷᠳᠤᠨ ᠤ ᠵᠢᠭᠡᠯᠡᠯᠭᠡ ᠶᠢᠨ ᠲᠡᠮᠳᠡᠭᠲᠦ ᠶᠢ ᠠᠮᠵᠢᠯᠲᠠ ᠲᠠᠢ ᠲᠠᠷᠬᠠᠭᠠᠪᠠ
ᠨᠡᠶᠢᠲᠡᠯᠡᠭᠰᠡᠨ ᠴᠠᠭ᠄
2018/12/6
     ᠤᠷᠴᠢᠮᠬᠠᠨ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠡᠷᠬᠡ ᠤᠯᠭᠤᠯᠲᠠ ᠪᠠᠷ᠂ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠡᠳ᠋ ᠤᠨ ᠵᠠᠰᠠᠭ ᠤᠨ ᠶᠠᠮᠤᠨ ᠤ ᠤᠯᠤᠰ ᠤᠨ ᠵᠢᠭᠡᠯᠡᠯᠭᠡ ᠶᠢᠨ ᠲᠠᠷᠬᠠᠭᠠᠯᠲᠠ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠰᠢᠰᠲ᠋ᠧᠮ ᠢᠶᠠᠷ ᠳᠠᠮᠵᠢᠨ᠂ ᠢᠯᠡ ᠪᠠᠷ ᠳᠠᠭᠠᠭᠠᠴᠢᠯᠠᠯᠲᠠ ᠵᠠᠷᠯᠠᠬᠤ ᠬᠡᠯᠪᠡᠷᠢ ᠪᠠᠷ 2018 ᠤᠨ ᠤ ᠦᠪᠦᠷ ᠮᠤᠩᠭᠤᠯ ᠎ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠢᠬᠡᠯᠡᠯᠭᠡ ᠶᠢᠨ ᠳᠡᠮᠳᠡᠭᠲᠤ ᠶᠢ 31.0408 ᠳ᠋ᠦᠩᠰᠢᠭᠤᠷ ᠲᠦᠬᠦᠷᠢᠭ ᠲᠠᠷᠬᠠᠭᠠᠭᠰᠠᠨ ᠪᠠᠶᠢᠨ᠎ᠠ᠃ ᠡᠭᠦᠨ ᠳᠤ᠂ 2 ᠵᠢᠯ ᠤᠨ ᠬᠤᠭᠤᠴᠠᠭ᠎ᠠ ᠲᠠᠢ ᠡᠩ ᠤᠨ ᠵᠢᠭᠡᠯᠡᠯᠭᠡ ᠶᠢᠨ ᠳᠡᠮᠳᠡᠭᠲᠤ ᠶᠢ 26.3921 ᠳ᠋ᠦᠩᠰᠢᠭᠤᠷ ᠲᠦᠬᠦᠷᠢᠭ ᠲᠠᠷᠬᠠᠭᠠᠵᠦ᠂ ᠲᠠᠷᠬᠠᠭᠠᠯᠲᠠ ᠶᠢᠨ ᠭᠦᠤ ᠨᠤᠷᠮ᠎ᠠ ᠨᠢ 3.11% ᠪᠤᠯᠤᠨ᠎ᠠ︔ 10 ᠵᠢᠯ ᠤᠨ ᠬᠤᠭᠤᠴᠠᠭ᠎ᠠ ᠲᠠᠢ ᠡᠩ ᠤᠨ ᠲᠤᠰᠬᠠᠢ ᠲᠦᠷᠦᠯ ᠤᠨ ᠵᠢᠭᠡᠯᠡᠯᠭᠡ ᠶᠢᠨ ᠲᠡᠮᠳᠡᠭᠲᠤ ᠶᠢ 4.6487 ᠳ᠋ᠦᠩᠰᠢᠭᠤᠷ ᠲᠦᠬᠦᠷᠢᠭ ᠲᠠᠷᠬᠠᠭᠠᠵᠦ᠂ ᠲᠠᠷᠬᠠᠭᠠᠯᠲᠠ ᠶᠢᠨ ᠭᠦᠤ ᠨᠤᠷᠮ᠎ᠠ ᠨᠢ 3.79% ᠪᠤᠯᠤᠨ᠎ᠠ᠃ ᠲᠤᠰ ᠬᠤᠭᠤᠴᠠᠭᠠᠨ ᠤ ᠲᠠᠷᠬᠠᠭᠠᠯᠲᠠ ᠲᠠᠭᠤᠰᠲᠠᠯ᠎ᠠ᠂ ᠮᠠᠨ ᠤ ᠤᠷᠤᠨ ᠤᠯᠤᠰ ᠠᠴᠠ ᠵᠦᠪᠰᠢᠶᠡᠷᠡᠭᠰᠡᠨ ᠲᠤᠭ᠎ᠠ ᠶᠤᠰᠤᠭᠠᠷ ᠪᠦᠬᠦ ᠵᠢᠯ ᠤᠨ ᠵᠢᠬᠡᠯᠡᠯᠭᠡ ᠶᠢᠨ ᠲᠡᠮᠳᠡᠭᠲᠤ ᠲᠠᠷᠬᠠᠭᠠᠬᠤ ᠡᠬᠦᠷᠭᠡ ᠪᠠᠨ ᠠᠮᠵᠢᠯᠳᠠ ᠲᠠᠢ ᠪᠡᠶᠡᠯᠡᠭᠦᠯᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号