ᠠᠯᠠᠱᠠ ᠠᠶᠢᠮᠠᠭ ᠤᠨ ᠦᠵᠡᠮᠵᠢ ᠶᠢᠨ ᠤᠷᠤᠨ ᠤ ᠰᠢᠬᠦᠨ ᠲᠠᠰᠤᠯᠬᠤ ᠴᠡᠭ ᠵᠢᠴᠢ ᠵᠢᠭᠤᠯᠴᠢᠯᠠᠯ ᠤᠨ ᠡᠶᠡᠳᠡᠬᠦᠯᠭᠡ ᠶᠢᠨ ᠠᠵᠢᠯᠯᠠᠬᠤ ᠲᠠᠰᠤᠭ ᠢᠯᠡᠷᠬᠡᠶᠢᠯᠡᠯ ᠡᠯᠬᠦᠯ᠎ᠡ
ᠨᠡᠶᠢᠲᠡᠯᠡᠭᠰᠡᠨ ᠴᠠᠭ᠄
2018/12/6
     ᠦᠢᠷ᠎ᠠ ᠳᠤ᠂ ᠠᠯᠠᠱᠠ ᠪᠠᠷᠠᠭᠤᠨ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠶᠢᠨ ᠪᠠᠳᠠᠢ ᠶᠢᠨ ᠵᠢᠷᠠᠨ ᠤ ᠦᠵᠡᠮᠵᠢ ᠶᠢᠨ ᠤᠷᠤᠨ ᠤ ᠰᠢᠬᠦᠨ ᠲᠠᠰᠤᠯᠬᠤ ᠴᠡᠭ᠂ ᠠᠯᠠᠱᠠ ᠪᠠᠷᠠᠭᠤᠨ ᠬᠤᠰᠢᠭᠤᠨ ᠤ ᠬᠠᠦᠯᠢ ᠴᠠᠭᠠᠵᠠ ᠶᠢᠨ ᠲᠤᠪᠴᠢᠶ᠎ᠠ ᠶᠢᠨ ᠵᠢᠭᠤᠯᠴᠢᠯᠠᠯ ᠤᠨ ᠤᠷᠤᠨ ᠤ ᠡᠶᠡᠳᠡᠬᠦᠯᠭᠡ ᠶᠢᠨ ᠠᠵᠢᠯᠯᠠᠬᠤ ᠲᠠᠰᠤᠭ ᠢᠯᠡᠷᠬᠡᠶᠢᠯᠡᠯ ᠡᠯᠬᠦᠪᠠ᠃ ᠡᠨᠡ ᠨᠢ ᠠᠯᠠᠱᠠ ᠠᠶᠢᠮᠠᠭ ᠤᠨ ᠤᠤᠭᠠᠨ ᠦᠵᠡᠮᠵᠢ ᠶᠢᠨ ᠤᠷᠤᠨ ᠤ ᠰᠢᠬᠦᠨ ᠲᠠᠰᠤᠯᠬᠤ ᠴᠡᠭ᠂ ᠵᠢᠭᠤᠯᠴᠢᠯᠠᠯ ᠤᠨ ᠡᠶᠡᠳᠡᠬᠦᠯᠭᠡ ᠶᠢᠨ ᠠᠵᠢᠯᠯᠠᠬᠤ ᠲᠠᠰᠤᠭ ᠪᠠᠶᠢᠵᠤ᠂ ᠰᠢᠬᠦᠨ ᠲᠠᠰᠤᠯᠬᠤ ᠪᠠᠶᠢᠭᠤᠯᠭ᠎ᠠ ᠪᠤᠯᠤᠨ ᠬᠠᠦᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠠᠷᠠᠳ ᠲᠦᠮᠡᠨ ᠳᠤ ᠦᠢᠯᠡᠴᠢᠯᠡᠬᠦ ︽ᠬᠠᠮᠤᠭ ᠡᠴᠤᠰ ᠤᠨ ᠨᠢᠭᠡ ᠺᠢᠯᠣᠮᠧᠲᠷ︾᠎ ᠢ ᠨᠠᠪᠳᠡᠷᠡᠬᠦᠯᠵᠠᠢ᠃      ᠤᠶᠢᠷ᠎ᠠ ᠶᠢᠨ ᠵᠢᠯ ᠠᠴᠠ ᠨᠠᠭᠠᠰᠢ᠂ ᠠᠯᠠᠱᠠ ᠠᠶᠢᠮᠠᠭ ᠤᠨ ᠵᠢᠭᠤᠯᠴᠢᠯᠠᠯ ᠤᠨ ᠦᠢᠯᠡᠰ ᠤᠨ ᠲᠦᠷᠭᠡᠨ ᠬᠦᠭᠵᠢᠯᠳᠠ ᠶᠢ ᠲᠠᠭᠠᠯᠳᠤᠨ ᠵᠢᠭᠤᠯᠴᠢᠯᠠᠭᠰᠠᠳ ᠡᠳᠤᠷ ᠢᠷᠡᠬᠦᠶ᠎ᠠ ᠨᠡᠮᠡᠭᠳᠡᠵᠤ᠂ ᠵᠢᠭᠤᠯᠴᠢᠯᠠᠯ ᠤᠨ ᠬᠡᠷ᠎ᠠ᠂ ᠵᠢᠭᠤᠯᠴᠢᠯᠠᠯ ᠤᠨ ᠦᠢᠯᠡᠴᠢᠯᠡᠭᠡ᠂ ᠵᠢᠭᠤᠯᠴᠢᠯᠠᠯ ᠤᠨ ᠭᠡᠷᠡᠭᠯᠡᠭᠡ ᠵᠡᠷᠭᠡ ᠲᠠᠯ᠎ᠠ ᠶᠢᠨ ᠵᠦᠷᠢᠴᠠᠯ ᠵᠢᠭᠤᠷᠠᠭᠠᠨ ᠴᠤ ᠤᠯᠠᠰᠢᠷᠠᠵᠠᠢ᠃ ᠦᠵᠡᠮᠵᠢ ᠶᠢᠨ ᠤᠷᠤᠨ ᠤ ᠰᠢᠬᠦᠨ ᠲᠠᠰᠤᠯᠬᠤ ᠴᠡᠭ ᠵᠢᠴᠢ ᠵᠢᠭᠤᠯᠴᠢᠯᠠᠯ ᠤᠨ ᠡᠶᠡᠳᠡᠬᠦᠯᠭᠡ ᠶᠢᠨ ᠠᠵᠢᠯᠯᠠᠬᠤ ᠲᠠᠰᠤᠭ ᠤᠨ ᠪᠠᠶᠢᠭᠤᠯᠤᠭᠳᠠᠭᠰᠠᠨ ᠨᠢ ᠵᠠᠷᠭᠤ ᠵᠠᠭᠠᠯᠳᠤᠯᠭ᠎ᠠ ᠬᠢᠬᠦ ᠠᠬᠢᠴᠠ ᠶᠢ ᠲᠦᠬᠦᠮᠴᠢᠯᠡᠵᠤ᠂ ᠵᠢᠭᠤᠯᠴᠢᠯᠠᠭᠰᠠᠳ ᠤᠨ ᠵᠢᠭᠤᠯᠴᠢᠯᠠᠬᠤ ᠶᠠᠪᠤᠴᠠ ᠳᠤ ᠭᠠᠷᠤᠭᠰᠠᠨ ᠵᠢᠭᠤᠷᠠᠭᠠᠨ ᠳᠤ ᠵᠠᠷᠭᠤ ᠵᠠᠭᠠᠯᠳᠤᠯᠭ᠎ᠠ ᠬᠢᠬᠦ᠂ ᠬᠡᠷᠡᠭ ᠪᠤᠯᠭᠠᠨ ᠲᠠᠩᠰᠠᠯᠠᠬᠤ᠂ ᠡᠶᠡᠳᠡᠬᠦᠯᠬᠦ ᠵᠡᠷᠭᠡ ᠬᠠᠦᠯᠢ ᠴᠠᠭᠠᠵᠠ ᠶᠢᠨ ᠦᠢᠯᠡᠴᠢᠯᠡᠭᠡ ᠬᠠᠨᠭ᠍ᠭᠠᠵᠤ᠂ ᠵᠢᠭᠤᠯᠴᠢᠯᠠᠯ ᠎ ᠤᠨ ᠦᠵᠡᠮᠵᠢ ᠶᠢᠨ ᠤᠷᠤᠨ ᠤ ᠤᠯᠠᠨ ᠲᠦᠮᠡᠨ ᠤ ᠵᠠᠷᠭᠤ ᠵᠠᠭᠠᠯᠳᠤᠯᠭ᠎ᠠ ᠶᠢᠨ ᠵᠠᠷᠤᠳᠠᠯ ᠢ ᠠᠷᠪᠢᠯᠠᠵᠤ᠂ ᠦᠵᠡᠮᠵᠢ ᠶᠢᠨ ᠤᠷᠤᠨ ᠳᠤ ᠨᠡᠶᠢᠭᠡᠮ ᠠᠵᠤ ᠠᠬᠤᠢ ᠶᠢᠨ ᠬᠦᠭᠵᠢᠯᠳᠠ ᠳᠤ ᠲᠤᠬᠢᠷᠠᠯᠴᠠᠭᠰᠠᠨ ᠬᠠᠦᠯᠢ ᠴᠠᠭᠠᠵᠠ ᠶᠢᠨ ᠦᠢᠯᠡᠴᠢᠯᠡᠭᠡᠨ ᠤ ᠤᠷᠴᠢᠨ ᠢ ᠬᠠᠨᠭ᠍ᠭᠠᠵᠤ ᠦᠭᠬᠦ ᠪᠤᠯᠤᠨ᠎ᠠ᠃ ᠡᠬᠦᠨ ᠤ ᠬᠠᠮᠳᠤ᠂ ᠡᠨᠡ ᠬᠦ ᠠᠷᠭ᠎ᠠ ᠬᠢᠳᠡᠯ ᠨᠢ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠤᠨ ᠲᠡᠭᠡᠭᠰᠢᠯᠡᠯᠳᠠ ᠶᠢ ᠠᠬᠢᠭᠤᠯᠵᠤ᠂ ᠦᠵᠡᠮᠵᠢ ᠶᠢᠨ ᠤᠷᠤᠨ ᠤ ᠨᠡᠷ᠎ᠠ ᠠᠯᠳᠠᠷᠰᠢᠯ ᠢ ᠲᠡᠭᠡᠭᠰᠢᠯᠡᠬᠦᠯᠬᠦ᠂ 5A ᠲᠡᠰ ᠤᠨ ᠵᠢᠭᠤᠯᠴᠢᠯᠠᠯ ᠤᠨ ᠤᠷᠤᠨ ᠢᠶᠠᠷ ᠮᠡᠳᠡᠬᠦᠯᠬᠦ᠂ ᠪᠠᠳᠠᠢ ᠶᠢᠨ ᠵᠢᠷᠠᠨ ᠤ ᠡᠯᠡᠰᠤ ᠶᠢᠨ ᠵᠢᠭᠤᠯᠴᠢᠯᠠᠯ ᠤᠨ ᠰᠢᠯᠢᠳᠡᠭ ᠲᠦᠷᠦᠯ ᠲᠡᠮᠳᠡᠭ ᠢ ᠡᠬᠦᠳᠬᠦ ᠳᠤ ᠢᠳᠡᠪᠬᠢᠳᠠᠢ ᠬᠤᠪᠢ ᠨᠠᠮᠠᠷᠢ ᠦᠵᠡᠬᠦᠯᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号