ᠬᠢᠨᠭ᠍ᠭᠠᠨ‌ᠠᠶᠢᠮᠠᠭ 24 ᠴᠢᠬᠤᠯᠠ ᠶᠡᠭᠡ ᠲᠦᠷᠦᠯ ᠵᠦᠢᠯ ᠳᠤ 182.2 ᠳ᠋ᠦᠩᠰᠢᠭᠤᠷ ᠲᠦᠭᠦᠷᠢᠭ ᠤᠨ ᠪᠠᠯᠠ ᠤᠷᠤᠭᠤᠯᠬᠤ ᠪᠠᠷ  ᠪᠠᠶᠢᠨ᠎ᠠ
ᠨᠡᠶᠢᠲᠡᠯᠡᠭᠰᠡᠨ ᠴᠠᠭ᠄
2018/12/6
     11 ᠳ᠋ᠦ᠋ᠭᠡᠷ ᠰᠠᠷ᠎ᠠ ᠶᠢᠨ 29᠎ ᠤ ᠡᠳᠦᠷ᠂ ᠬᠢᠨᠭ᠍ᠭᠠᠨ ᠠᠶᠢᠮᠠᠭ ᠤᠨ 2019 ᠤᠨ ᠤ ᠬᠠᠪᠤᠷ ᠤᠨ ᠤᠯᠠᠷᠢᠯ ᠳᠤ ᠪᠠᠷᠢᠯᠭ᠎ᠠ ᠡᠭᠢᠯᠡᠭᠦᠯᠭᠦ ᠴᠢᠬᠤᠯᠠ ᠶᠡᠭᠡ ᠲᠦᠷᠦᠯ ᠵᠦᠢᠯ ᠢ ᠵᠤᠯᠭᠠᠭᠤᠯᠤᠨ ᠠᠬᠢᠭᠤᠯᠬᠤ ᠬᠤᠷᠠᠯ ᠵᠢᠴᠢ ᠲᠦᠪᠯᠡᠷᠡᠬᠦᠯᠦᠨ ᠵᠦᠪᠯᠡᠯᠴᠡᠭᠡᠷ ᠲᠤᠭᠳᠠᠬᠤ ᠶᠤᠰᠤᠯᠠᠯ ᠶᠠᠪᠤᠭᠳᠠᠵᠤ᠂ ᠲᠤᠬᠠᠢ ᠶᠢᠨ ᠲᠠᠯᠠᠪᠠᠢ ᠳᠤ ᠲᠦᠪᠯᠡᠷᠡᠬᠦᠯᠦᠨ ᠵᠦᠪᠯᠡᠯᠴᠡᠭᠡᠷ ᠲᠤᠭᠳᠠᠭᠰᠠᠠ ᠴᠢᠬᠤᠯᠠ ᠶᠡᠭᠡ ᠲᠦᠷᠦᠯ ᠵᠦᠢᠯ 24 ᠪᠠᠶᠢᠵᠤ᠂ ᠶᠡᠷᠦᠩᠭᠡᠢ ᠪᠡᠯᠡ ᠤᠷᠤᠭᠤᠯᠤᠯᠳᠠ ᠨᠢ 182.2 ᠳ᠋ᠦᠩᠰᠢᠭᠤᠷ ᠲᠦᠬᠦᠷᠢᠭ ᠲᠤ ᠬᠦᠷᠦᠭᠰᠡᠨ ᠪᠠᠶᠢᠨ᠎ᠠ᠃ ᠡᠭᠦᠨ ᠳᠤ 2019 ᠤᠨ ᠳᠤ 62.9 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠬᠤ ᠪᠠᠷ ᠲᠤᠭᠲᠠᠭᠰᠠᠨ ᠪᠠᠶᠢᠨ᠎ᠠ᠃      ᠲᠤᠰ ᠤᠳᠠᠭ᠎ᠠ ᠶᠢᠨ ᠵᠦᠪᠯᠡᠯᠴᠡᠭᠡᠷ ᠲᠤᠭᠳᠠᠬᠰᠠᠨ 24 ᠴᠢᠬᠤᠯᠠ ᠶᠡᠭᠡ ᠲᠦᠷᠦᠯ ᠵᠦᠢᠯ ᠨᠢ ᠰᠢᠨ᠎ᠡ  ᠡᠨᠧᠷᠬᠢ᠂ ᠰᠢᠨ᠎ᠡ ᠮᠠᠲ᠋ᠧᠷᠢᠶᠠᠯ᠂ ᠲᠤᠨᠤᠭ ᠲᠦᠬᠦᠭᠡᠷᠦᠮᠵᠢ ᠦᠢᠯᠡᠳᠪᠦᠷᠢᠯᠡᠬᠦ᠂ ᠪᠤᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠢ ᠡᠳ᠋ᠰᠢᠭᠦᠯᠬᠦ ᠵᠡᠷᠭᠡ ᠤᠯᠠᠨ ᠠᠵᠦ ᠦᠢᠯᠡᠰ ᠤᠨ ᠬᠦᠷᠢᠶ᠎ᠡ ᠴᠠᠷᠠᠭ᠎ᠠ ᠶᠢ ᠬᠠᠮᠤᠷᠴᠤ᠂ ᠡᠳᠡᠭᠡᠷ ᠲᠦᠷᠦᠯ ᠵᠦᠢᠯ ᠠᠰᠢᠭᠯᠠᠯᠲᠠ ᠳᠤ ᠤᠷᠤᠪᠠᠯ ᠲᠤᠬᠠᠢ ᠶᠢᠨ ᠭᠠᠵᠡᠷ ᠤᠨ 1.7 ᠲᠦᠮᠡ ᠭᠠᠷᠤᠢ ᠬᠦᠮᠦᠨ ᠳᠤ ᠠᠵᠢᠯ ᠤᠯᠭᠤᠨ᠎ᠠ᠃      ᠡᠨᠡ ᠵᠢᠯ ᠤᠨ ᠡᠬᠢᠨ ᠠᠴᠠ᠂ ᠲᠤᠰ ᠠᠶᠢᠮᠠᠭ ᠤᠨ ᠨᠠᠮ ᠤᠨ ᠬᠤᠷᠢᠶ᠎ᠡ᠂ ᠠᠶᠢᠮᠠᠭ ᠤᠨ ᠵᠠᠬᠢᠷᠭ᠎ᠠ ᠲᠡᠬᠡᠳᠤ ᠱᠠᠳᠤᠠ ᠤ ᠰᠢᠢᠳᠪᠦᠷᠢᠳᠦ ᠪᠤᠳᠤᠯᠭ᠎ᠠ ᠪᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠥ᠂ ᠬᠦᠭᠵᠢᠯᠳᠡ ᠪᠤᠯ ᠨᠢᠭᠡᠳᠦᠭᠡᠷ ᠴᠢᠬᠤᠯᠠ ᠡᠬᠦᠷᠭᠡ ᠭᠡᠬᠦ ᠦᠵᠡᠯ ᠰᠠᠨᠠᠭ᠎ᠠ ᠶᠢ ᠭᠤᠶᠢᠪᠢᠰᠢ ᠦᠭᠡᠢ ᠪᠠᠳᠤᠳᠬᠠᠨ᠂ ᠲᠦᠷᠦᠯ ᠵᠦᠢᠯ ᠤᠨ ᠪᠦᠳᠦᠬᠡᠡ ᠪᠠᠶᠢᠭᠤᠯᠤᠯᠲᠠ ᠪᠠᠷ ᠠᠵᠦ ᠠᠬᠤᠢ ᠶᠢᠨ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠪᠠᠷ ᠭᠠᠷᠳᠠᠴᠠ ᠪᠤᠯᠭᠠᠠ᠂ ᠠᠷᠠᠯᠵᠢᠶ᠎ᠡ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠪᠦᠬᠦ ᠲᠠᠯ᠎ᠠ ᠪᠠᠷ ᠰᠠᠶᠢᠵᠢᠷᠠᠭᠤᠯᠵᠤ᠂ ᠶᠡᠭᠡ ᠪᠠᠷ ᠠᠷᠠᠯᠵᠢᠶᠠᠴᠢᠠ ᠤᠷᠢᠵᠦ ᠪᠡᠯᠡ ᠤᠷᠤᠭᠤᠯᠬᠤ ᠠᠵᠢᠯ ᠢ ᠬᠢᠭᠰᠡᠡ ᠠᠴᠠ ᠴᠢᠬᠤᠯᠠ ᠶᠡᠭᠡ ᠲᠦᠷᠦᠯ ᠵᠦᠢᠯ ᠤᠨ ᠪᠠᠶᠢᠭᠤᠯᠤᠯᠲᠠ ᠳᠤ ᠪᠠᠨ ᠢᠯᠡᠷᠭᠡᠢ ᠦᠷ᠎ᠠ ᠪᠦᠳᠦᠮᠵᠢ ᠤᠯᠤᠭᠰᠠᠨ ᠪᠠᠶᠢᠨ᠎ᠠ᠃      ᠡᠨᠡ ᠵᠢᠯ ᠤᠨ 1 — 10 ᠳ᠋ᠤᠭᠠᠷ ᠰᠠᠷ᠎ᠠ ᠪᠤᠯᠳᠠᠯ᠎ᠠ᠂ ᠲᠤᠰ ᠠᠶᠢᠮᠠᠭ 171 ᠲᠦᠷᠦᠯ ᠵᠦᠢᠯ ᠢ ᠲᠠᠳᠠᠨ ᠤᠷᠤᠭᠤᠯᠵᠦ᠂ ᠪᠡᠯᠡ ᠤᠷᠤᠭᠤᠯᠤᠯᠳᠠ ᠶᠢᠨ ᠶᠡᠷᠤᠩᠬᠡᠢ ᠬᠡᠮᠵᠢᠶ᠎ᠡ 673.4 ᠳ᠋ᠦᠩᠰᠢᠭᠤᠷ ᠲᠦᠭᠦᠷᠢᠭ ᠲᠤ ᠬᠦᠷᠴᠡᠢ᠃ ᠨᠢᠬᠡ ᠪᠦᠯᠦᠭ ᠤᠯᠤᠰ ᠤᠨ ᠲᠤᠳᠤᠭᠠᠳᠤ ᠶᠢᠨ ᠨᠡᠷᠡᠳᠤ ᠠᠵᠦ ᠠᠬᠤᠶᠢᠯᠠᠯ ᠵᠠᠯᠭᠠᠭ᠎ᠠ ᠪᠠᠷ ᠲᠤᠰ ᠠᠶᠢᠮᠠᠭ ᠲᠤ ᠨᠤᠳᠤᠬᠰᠢᠵᠦ᠂ ᠲᠤᠰ ᠠᠶᠢᠮᠠᠭ ᠤᠨ ᠠᠵᠦ ᠠᠬᠤᠢ ᠨᠡᠶᠢᠭᠡᠮ ᠤᠨ ᠬᠦᠭᠵᠢᠯᠲᠡ ᠳᠤ ᠬᠦᠴᠦᠷᠬᠡᠭ ᠶᠡᠭᠡ ᠬᠦᠳᠡᠯᠬᠡᠬᠦ ᠬᠦᠴᠦᠨ ᠤᠯᠭᠤᠭᠰᠠᠠ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号