ᠦᠬᠡᠷ ᠲᠤ ᠰᠦᠨᠢ ᠶᠢᠨ  ᠪᠤᠷᠳᠤᠭ᠎ᠠ ᠦᠭᠪᠡᠯ ᠲᠠᠷᠭᠤᠯᠠᠬᠤ ᠨᠢ  ᠲᠦᠷᠭᠡᠨ
ᠨᠡᠶᠢᠲᠡᠯᠡᠭᠰᠡᠨ ᠴᠠᠭ᠄
2018/12/6

        ᠤᠳᠣ ᠣᠯᠠᠩᠬᠢ ᠲᠡᠵᠢᠭᠡᠬᠦ ᠡᠷᠦᠬᠡ ᠠᠴᠠ ᠰᠢᠪᠳᠦᠷᠵᠢᠭᠦᠯᠦᠭᠰᠡᠨ ᠪᠣᠭᠤᠲᠠᠢ ᠶᠢᠨ ᠰᠦᠷᠡᠯ᠂ ᠬᠦᠬᠡ ᠪᠠᠷ ᠳᠠᠷᠤᠰᠢᠭᠤᠯᠤᠭᠰᠠᠨ ᠡᠷᠳᠡᠨᠢ ᠰᠢᠰᠢ ᠶᠢᠨ ᠡᠰᠢ ᠰᠦᠷᠡᠯ᠂ ᠨᠠᠶᠢᠷᠠᠭᠤᠯᠤᠭᠰᠠᠨ ᠪᠣᠷᠳᠤᠭ᠎ᠠ᠂ ᠰᠢᠭᠡᠰᠦᠯᠢᠭ ᠡᠳ᠋ ᠵᠡᠷᠭᠡ ᠪᠠᠷ ᠲᠡᠵᠢᠭᠡᠬᠦ ᠶᠢ ᠪᠡᠶᠡᠯᠡᠭᠦᠯᠦᠭᠰᠡᠨ ᠪᠠᠶᠢᠨ᠎ᠠ᠃ ᠭᠡᠪᠡᠴᠦ ᠡᠩ ᠤᠨ ᠲᠡᠵᠢᠭᠡᠬᠦ ᠶᠠᠪᠤᠴᠠ ᠳᠤ ᠪᠦᠷ ᠡᠳᠦᠷ ᠨᠢ ᠲᠡᠵᠢᠭᠡᠭᠡᠳ ᠬᠠᠷᠢᠠ ᠰᠦᠨᠢ ᠳᠡᠭᠡᠨ ᠲᠡᠵᠢᠭᠡᠬᠦ ᠶᠢ ᠠᠩᠬᠠᠷᠬᠤ ᠦᠭᠡᠢ ᠪᠠᠶᠢᠳᠠᠭ᠃
       ᠬᠡᠷᠪᠡ ᠦᠬᠡᠷ ᠲᠤ ᠰᠦᠨᠢ ᠶᠢᠨ ᠪᠣᠷᠳᠤᠭ᠎ᠠ ᠦᠭᠴᠦ ᠲᠡᠵᠢᠭᠡᠪᠡᠯ᠂ ᠦᠰᠦᠯᠲᠠ ᠨᠢ ᠨᠡᠩ ᠲᠦᠷᠭᠡᠨ ᠪᠣᠯᠣᠨ᠎ᠠ᠃ ᠪᠣᠳᠠᠳᠠᠢ ᠲᠤᠬᠢᠷᠠᠭᠤᠯᠤᠯᠲᠠ ᠨᠢ᠄ ᠡᠳᠦᠷ ᠪᠦᠷᠢ ᠶᠢᠨ ᠦᠳᠡ ᠶᠢᠨ ᠡᠮᠦᠨᠡᠬᠢ 9 ᠴᠠᠭ᠂ ᠦᠳᠡ ᠶᠢᠨ ᠬᠤᠶᠢᠨ᠎ᠠ ᠶᠢᠨ 5 ᠴᠠᠭ ᠲᠤ ᠲᠤᠰ ᠲᠣᠰ ᠨᠢᠭᠡ ᠤᠳᠠᠭ᠎ᠠ ᠲᠡᠵᠢᠭᠡᠬᠦ ᠠᠴᠠ ᠭᠠᠳᠠᠨ᠎ᠠ᠂ ᠰᠦᠨᠢ ᠶᠢᠨ ᠠᠷᠪᠠᠨ ᠬᠤᠶᠠᠷ ᠴᠠᠭ ᠲᠤ ᠪᠠᠰᠠ ᠨᠢᠭᠡ ᠤᠳᠠᠭ᠎ᠠ ᠨᠡᠮᠡᠵᠦ ᠲᠡᠵᠢᠭᠡᠨ᠎ᠡ᠃ ᠲᠡᠭᠦᠨ ᠤ ᠰᠠᠶᠢᠨᠲᠠᠢ ᠲᠠᠯ᠎ᠠ ᠨᠢ ᠬᠤᠶᠠᠷ ᠪᠤᠢ᠄ ᠨᠢᠭᠡ ᠳᠤ᠂ ᠦᠬᠡᠷ ᠨᠢ ᠴᠠᠳᠬᠤᠯᠠᠩ ᠪᠠᠶᠢᠪᠠᠯ ᠪᠡᠶ᠎ᠡ ᠳᠠᠬᠢ ᠢᠯᠴᠢ ᠨᠢ ᠨᠡᠮᠡᠭᠳᠡᠵᠦ᠂ ᠪᠠᠶ᠎ᠡ ᠶᠢᠨ ᠬᠦᠢᠲᠡᠨ ᠢ ᠲᠡᠰᠪᠦᠷᠢᠯᠡᠬᠦ ᠴᠢᠳᠠᠪᠤᠷᠢ ᠨᠢ ᠳᠡᠭᠡᠭᠰᠢᠯᠡᠵᠦ ᠴᠢᠳᠠᠨ᠎ᠠ︔ ᠬᠤᠶᠠᠷ ᠲᠤ᠂ ᠰᠥᠨᠢ ᠨᠠᠮ ᠵᠢᠮ ᠪᠣᠯᠬᠤᠷ ᠡᠪᠡᠰᠦ ᠪᠤᠷᠳᠤᠭ᠎ᠠ ᠶᠢ ᠢᠳᠡᠰᠢᠯᠡᠭᠰᠡᠨ ᠤ ᠰᠡᠭᠦᠯᠡᠷ ᠦᠬᠡᠷ ᠤᠨ ᠠᠮᠠᠷᠠᠵᠦ᠂ ᠬᠡᠪᠢᠬᠦ ᠪᠠ ᠰᠢᠩᠭᠡᠭᠡᠬᠦ ᠳᠤ ᠠᠰᠢᠭᠲᠠᠢ ᠪᠠᠶᠢᠳᠠᠭ᠃

       ᠨᠢᠭᠡ᠂ ᠭᠡᠷᠡᠯ ᠤᠨ ᠲᠤᠰᠤᠯᠲᠠ ᠬᠦᠢᠴᠡᠳ ᠪᠤᠰᠤ ᠭᠠᠵᠠᠷ
       ᠠᠷᠤ ᠬᠠᠵᠠᠭᠤ᠂ ᠰᠡᠭᠦᠳᠡᠷ ᠲᠠᠢ ᠠᠭᠤᠯᠠ ᠶᠢᠨ ᠬᠦᠨᠳᠠᠢ᠂ ᠲᠤᠮᠤ ᠮᠤᠳᠤ ᠪᠠ ᠦᠨᠳᠤᠷ ᠪᠠᠷᠢᠯᠭ᠎ᠠ ᠶᠢᠨ ᠬᠠᠵᠠᠭᠤ ᠵᠡᠷᠭᠡ ᠭᠡᠷᠡᠯ ᠤᠨ ᠲᠤᠰᠤᠯᠲᠠ ᠬᠦᠢᠴᠡᠳ ᠪᠤᠰᠤ ᠭᠠᠵᠠᠷ ᠵᠢᠮᠢᠰ ᠤᠨ ᠮᠤᠳᠤ ᠵᠠᠶᠢᠯᠠᠬᠤ ᠳᠤ ᠲᠤᠬᠢᠷᠠᠮᠵᠢ ᠦᠭᠡᠢ᠃ ᠲᠤᠭᠤᠷ ᠤᠨ ᠮᠤᠳᠤ᠂ ᠠᠯᠢᠮ᠎ᠠ ᠶᠢᠨ ᠮᠤᠳᠤ᠂ ᠠᠯᠮᠤᠷᠠᠳ ᠤᠨ ᠮᠤᠳᠤ᠂ ᠬᠦᠢᠯᠡᠰᠦᠨ ᠮᠤᠳᠤ ᠪᠠ ᠢᠩᠳᠤᠤᠷ ᠤᠨ ᠮᠤᠳᠤ ᠵᠡᠷᠭᠡ ᠡᠬᠡ ᠬᠠᠭᠤᠷᠠᠢ ᠶᠢᠨ ᠵᠢᠮᠢᠰ ᠤᠨ ᠮᠤᠳᠤ ᠪᠤᠯ ᠭᠡᠷᠡᠯᠰᠡᠭ ᠤᠷᠭᠤᠮᠠᠯ ᠤᠳ ᠪᠠᠶᠢᠵᠤ᠂ ᠬᠡᠷᠪᠡ ᠨᠠᠷᠠᠨ ᠤ ᠭᠡᠷᠡᠯ ᠬᠦᠢᠴᠡᠳ ᠪᠤᠰᠤ ᠪᠤᠯᠪᠡᠯ ᠰᠠᠯᠠᠭ᠎ᠠ ᠨᠠᠮᠠᠭ᠎ᠠ ᠨᠢ ᠦᠭᠦᠵᠦ᠂ ᠬᠤᠸᠠᠷᠯᠠᠬᠤ ᠳᠤ ᠪᠡᠷᠬᠡᠳᠡᠵᠦ᠂ ᠵᠢᠮᠢᠰᠦᠯᠡᠬᠦ ᠨᠤᠷᠮ᠎ᠠ ᠨᠢ ᠲᠤᠤᠷ᠎ᠠ ᠪᠣᠯᠣᠭᠠᠳ᠂ ᠵᠢᠮᠢᠰ ᠤᠨ ᠠᠮᠲᠠ ᠨᠢ ᠮᠠᠭᠤᠲᠠᠬᠤ ᠪᠤᠯᠤᠨ᠎ᠠ᠃

       ᠬᠤᠶᠠᠷ᠂ ᠤᠰᠤ ᠬᠤᠷᠠᠭᠰᠠᠨ ᠬᠤᠳᠤᠭᠤᠷ ᠭᠠᠵᠠᠷ
       ᠤᠰᠤᠨ ᠲᠠᠷᠢᠶ᠎ᠠ᠂ ᠨᠠᠭᠤᠷ ᠴᠦᠬᠦᠷᠦᠮ ᠤᠨ ᠬᠠᠰᠢᠯᠭ᠎ᠠ ᠶᠢᠨ ᠲᠤᠤᠷ᠎ᠠ᠂ ᠤᠰᠤᠨ ᠴᠦᠬᠦᠷᠦᠮ ᠤᠨ ᠳᠤᠤᠷ᠎ᠠ ᠬᠡᠰᠡᠭ᠂ ᠭᠤᠤᠯ ᠭᠤᠷᠤᠬ᠎ᠠ ᠭᠤᠤ ᠭᠠᠷᠠᠮ᠂ ᠨᠠᠭᠤᠷ ᠤᠨ ᠬᠦᠪᠡᠭᠡ᠂ ᠨᠠᠮᠤᠭ ᠭᠠᠵᠠᠷ᠂ ᠠᠭᠤᠯᠠᠨ ᠤ ᠤᠰᠤ ᠰᠢᠮᠡᠳᠦᠭᠰᠡᠨ ᠵᠡᠷᠭᠡ ᠭᠠᠵᠠᠷ ᠢᠶᠠᠷ ᠵᠢᠮᠢᠰ ᠤᠨ ᠮᠤᠳᠤ ᠵᠠᠶᠢᠯᠠᠬᠤ ᠳᠤ ᠲᠤᠬᠢᠷᠠᠮᠵᠢ ᠦᠭᠡᠢ᠃ ᠤᠯᠠᠩᠬᠢ ᠵᠢᠮᠢᠰ ᠤᠨ ᠮᠤᠳᠤᠨ ᠤ ᠦᠨᠳᠤᠰᠦ ᠨᠢ ᠨᠦᠢᠳᠠᠨ ᠠᠴᠠ ᠠᠶᠤᠨ᠎ᠠ᠂ ᠬᠥᠷᠥᠰᠥᠨ ᠲᠤᠳᠤᠷᠠᠬᠢ ᠤᠰᠤᠨ ᠤ ᠬᠡᠮᠵᠢᠶ᠎ᠡ ᠨᠢ ᠠᠷᠪᠢᠳᠤᠪᠡᠯ ᠦᠨᠳᠤᠰᠦ ᠨᠢ ᠢᠯᠵᠠᠷᠠᠵᠤ᠂ ᠮᠤᠳᠤ ᠨᠢ ᠰᠢᠮ᠎ᠡ ᠳᠡᠵᠢᠭᠡᠯ ᠦᠭᠡᠢ ᠪᠣᠯᠣᠭᠠᠳ᠂ ᠵᠢᠮᠢᠰ ᠤᠨ ᠴᠢᠨᠠᠷ ᠮᠠᠭᠤᠳᠠᠵᠤ᠂ ᠭᠠᠷᠤᠯᠲᠠ ᠨᠢ ᠲᠤᠤᠷ᠎ᠠ ᠪᠤᠯᠤᠨ᠎ᠠ᠃

       ᠭᠤᠷᠪᠠ᠂ ᠵᠠᠮ ᠬᠠᠷᠢᠯᠴᠠᠭ᠎ᠠ ᠲᠦᠭᠦᠮ ᠦᠭᠡᠢ ᠭᠠᠵᠠᠷ
       ᠵᠠᠮ ᠬᠠᠷᠢᠯᠴᠠᠭ᠎ᠠ ᠳᠦᠭᠦᠮ ᠦᠭᠡᠢ
       ᠭᠠᠵᠠᠷ ᠲᠤ ᠶᠡᠭᠡ ᠬᠡᠪᠴᠢᠶᠡᠨ ᠤ ᠵᠢᠮᠢᠰ ᠤᠨ ᠮᠤᠳᠤ ᠵᠠᠶᠢᠯᠠᠬᠤ ᠳᠤ ᠲᠤᠬᠢᠷᠠᠮᠵᠢ ᠦᠬᠡᠢ ᠶᠤᠮ᠃ ᠦᠢᠯᠡᠤᠪᠦᠷᠢᠯᠡᠯ ᠤᠨ ᠬᠡᠷᠡᠭᠰᠡᠯ ᠪᠠ ᠪᠦᠳᠦᠭᠡᠭᠳᠡᠭᠦᠨ ᠢ ᠵᠦᠭᠡᠭᠡᠪᠦᠷᠢᠯᠡᠬᠦ ᠳᠤ ᠬᠦᠴᠢᠷᠲᠠᠢ ᠠᠴᠠ ᠪᠤᠯᠵᠤ᠂ ᠦᠢᠯᠡᠳᠪᠦᠷᠢᠯᠡᠯ ᠤᠨ ᠦᠪᠡᠷ ᠤᠨ ᠦᠷᠳᠡᠭ ᠢ ᠨᠡᠮᠡᠭᠳᠡᠭᠦᠯᠦᠨ᠂ ᠠᠵᠤ ᠠᠬᠤᠢ ᠶᠢᠨ ᠦᠷ᠎ᠡ ᠠᠰᠢᠭ ᠢ ᠪᠠᠭᠤᠷᠠᠭᠤᠯᠬᠤ ᠪᠣᠯᠣᠨ᠎ᠠ᠃ ᠭᠡᠷᠪᠡ ᠡᠳᠡᠭᠡᠷ ᠭᠠᠵᠠᠷ ᠲᠤ ᠶᠡᠭᠡ ᠬᠡᠪᠴᠢᠶ᠎ᠡ ᠪᠠᠷ ᠵᠢᠮᠢᠰ ᠤᠨ ᠬᠦᠷᠢᠶᠡᠯᠡᠩ ᠪᠠᠶᠢᠭᠤᠯᠬᠤ ᠭᠡᠪᠡᠯ ᠤᠷᠢᠳᠠᠪᠠᠷ ᠵᠠᠮ ᠵᠠᠰᠠᠵᠤ᠂ ᠬᠠᠳᠠᠭᠠᠯᠠᠬᠤ ᠲᠦᠬᠦᠭᠡᠷᠦᠮᠵᠢ ᠵᠡᠷᠭᠡ ᠶᠢ ᠤᠷᠢᠳᠴᠢᠯᠠᠨ ᠪᠡᠯᠡᠳᠭᠡᠬᠦ ᠴᠢᠬᠤᠯᠠᠳᠠᠢ ᠶᠤᠮ᠃
       ᠨᠣᠭᠤᠭ᠎ᠠ ᠨᠢ ᠤᠰᠤᠯᠢᠭ ᠨᠣᠭᠤᠭ᠎ᠠ ᠪᠠᠶᠢᠵᠤ᠂ ᠤᠰᠤᠨ ᠤ ᠠᠭᠤᠯᠤᠭᠳᠠᠴᠠ ᠨᠢ 95% ᠠᠴᠠ ᠳᠡᠭᠡᠭᠰᠢ ᠬᠦᠷᠳᠡᠭ᠃ ᠠᠭᠠᠭᠢᠮ᠎ᠠ ᠬᠠᠯᠠᠭᠤᠨ ᠵᠤᠨ ᠤ ᠤᠯᠠᠷᠢᠯ ᠳᠤ ᠨᠣᠭᠤᠭ᠎ᠠ ᠲᠠᠷᠢᠬᠤ ᠶᠠᠪᠤᠴᠠ ᠳᠤ ︽ᠭᠤᠷᠪᠠᠨ ᠡᠳᠦᠷ ᠪᠣᠯᠪᠠᠯ ᠪᠠᠭ᠎ᠠ ᠭᠠᠩᠳᠠᠵᠤ᠂ ᠲᠠᠪᠤᠨ ᠡᠳᠦᠷ ᠪᠣᠯᠪᠠᠯ ᠶᠡᠭᠡ ᠭᠠᠩᠳᠠᠬᠤ︾ ᠭᠡᠬᠦ ᠬᠡᠯᠡᠯᠭᠡ ᠪᠠᠶᠢᠳᠠᠭ᠃ ᠵᠣᠨ ᠤ ᠤᠯᠠᠷᠢᠯ ᠳᠤ ᠠᠭᠠᠷ ᠤᠨ ᠳᠤᠯᠠᠭᠠᠨ 35℃ ᠠᠴᠠ ᠳᠡᠭᠡᠭᠰᠢ ᠳᠤ ᠬᠦᠷᠴᠦ᠂ ᠦᠳᠡ ᠳᠤ ᠨᠠᠷᠠᠨ ᠤ ᠭᠡᠷᠡᠯ ᠤᠨ ᠡᠭ᠍ᠴᠡ ᠳᠤᠰᠤᠯᠲᠠ ᠳᠤ ᠳᠤᠯᠠᠭᠠᠨ ᠤ ᠬᠡᠮᠵᠢᠶ᠎ᠡ ᠨᠡᠩ ᠥᠨᠳᠥᠷ ᠪᠣᠯᠳᠠᠭ᠃ ᠨᠠᠷᠠᠨ ᠤ ᠭᠡᠷᠡᠯ ᠤᠨ ᠭᠠᠵᠠᠷ ᠳᠡᠭᠡᠷ᠎ᠡ ᠲᠤᠰᠤᠭᠠᠳ ᠡᠭᠦᠰᠦᠭᠰᠡᠨ ᠥᠨᠳᠥᠷ ᠳᠤᠯᠠᠭᠠᠨ ᠨᠢ ᠲᠠᠷᠢᠮᠠᠯ ᠤᠨ ᠦᠨᠳᠦᠰᠦᠨ ᠤ ᠰᠢᠰᠲ᠋ᠧᠮ ᠤᠨ ᠤᠷᠭᠤᠯᠲᠠ ᠶᠢ ᠰᠢᠭᠤᠳ ᠨᠥᠯᠥᠭᠡᠯᠡᠳᠡᠭ᠃ ᠳᠤᠯᠠᠭᠠᠨ ᠢ ᠬᠡᠷᠬᠢᠨ ᠪᠠᠭᠤᠷᠠᠭᠤᠯᠬᠤ᠂ ᠤᠨᠴᠠᠭᠠᠶᠢᠯᠠᠨ ᠬᠦᠷᠦᠰᠦᠨ ᠤ ᠳᠤᠯᠠᠭᠠᠨ ᠢ ᠪᠠᠭᠤᠷᠠᠭᠤᠯᠬᠤ ᠨᠢ ᠨᠣᠭᠤᠭ᠎ᠠ ᠶᠢᠨ ᠭᠠᠷᠤᠯᠲᠠ ᠬᠢᠭᠡᠳ ᠴᠢᠨᠠᠷ ᠢ ᠳᠡᠭᠡᠭᠰᠢᠯᠡᠭᠦᠯᠬᠦ ᠳᠤ ᠲᠤᠩ ᠴᠢᠬᠤᠯᠠ ᠪᠠᠶᠢᠳᠠᠭ᠃ ᠢᠯᠡ ᠲᠠᠷᠢᠶᠠᠨ ᠤ ᠨᠤᠭᠤᠭ᠎ᠠ ᠶᠢ ᠤᠰᠤᠯᠠᠬᠤ ᠴᠠᠭ ᠢ ᠥᠷᠯᠥᠭᠡ ᠪᠤᠶᠤ ᠦᠳᠡᠰᠢ ᠲᠣᠬᠢᠷᠠᠭᠤᠯᠪᠠᠯ ᠵᠣᠬᠢᠰᠲᠠᠢ ᠪᠠᠶᠢᠵᠤ᠂ ᠳᠤᠯᠠᠭᠠᠨ ᠤ ᠬᠡᠮᠵᠢᠶ᠎ᠡ ᠪᠠᠭᠤᠷᠠᠭᠰᠠᠨ ᠤ ᠰᠡᠭᠦᠯᠡᠷ ᠤᠰᠤᠯᠠᠪᠠᠯ᠂ ᠬᠤᠳᠳᠤᠭ ᠤᠨ ᠤᠰᠤ ᠪᠠᠷ ᠤᠰᠤᠯᠠᠭᠰᠠᠨ ᠠᠴᠠ ᠪᠣᠯᠬᠤ ᠲᠠᠷᠢᠮᠠᠯ ᠤᠨ ᠦᠨᠳᠦᠰᠦᠨ ᠤ ᠰᠢᠰᠲ᠋ᠧᠮ ᠢ ᠭᠡᠮᠲᠦᠭᠡᠬᠦ ᠠᠴᠠ ᠵᠠᠶᠢᠯᠠᠰᠬᠢᠵᠦ ᠴᠢᠳᠠᠨ᠎ᠠ᠃ ᠨᠠᠷᠠᠨ ᠬᠦᠯᠡᠮᠵᠢ ᠪᠤᠯᠤᠨ ᠲᠣᠮᠣ ᠭᠤᠯᠳᠤᠩ ᠰᠠᠷᠠᠪᠴᠢ ᠶᠢᠨ ᠨᠣᠭᠤᠭ᠎ᠠ ᠶᠢ ᠤᠰᠤᠯᠠᠬᠤ ᠳᠤ ᠮᠥᠷ ᠠᠯᠤᠰᠯᠠᠬᠤ ᠪᠤᠶᠤ ᠭᠤᠤ ᠠᠯᠤᠰᠯᠠᠵᠤ ᠤᠰᠤᠯᠠᠨ᠂ ᠤᠰᠤᠯᠠᠬᠤ ᠬᠡᠮᠵᠢᠶ᠎ᠡ ᠶᠢ ᠪᠠᠭᠠᠰᠬᠠᠨ᠂ ᠤᠰᠤᠯᠠᠬᠤ ᠤᠳᠠᠭ᠎ᠠ ᠶᠢ ᠨᠡᠮᠡᠭᠳᠡᠭᠦᠯᠦᠨ᠎ᠡ᠂ ᠡᠭᠦᠨ ᠤ ᠵᠣᠷᠢᠯᠭ᠎ᠠ ᠨᠢ ᠲᠠᠷᠢᠮᠠᠯ ᠤᠨ ᠤᠷᠭᠤᠴᠠ ᠳᠤ ᠬᠡᠷᠡᠭᠰᠡᠬᠦ ᠤᠰᠤᠨ ᠤ ᠱᠠᠭᠠᠷᠳᠠᠯᠭ᠎ᠠ ᠶᠢ ᠬᠠᠩᠭᠠᠬᠤ ᠶᠢᠨ ᠬᠠᠮᠲᠤ ᠰᠠᠷᠠᠪᠴᠢᠨ ᠳᠣᠲᠣᠷᠠᠬᠢ ᠠᠭᠠᠷ ᠤᠨ ᠴᠢᠬᠢᠭ ᠢ ᠨᠡᠮᠡᠭᠳᠡᠭᠦᠯᠦᠨ᠂ ᠬᠦᠯᠡᠮᠵᠢ ᠶᠢᠨ ᠳᠤᠯᠠᠭᠠᠨ ᠢ ᠪᠠᠭᠤᠷᠠᠭᠤᠯᠬᠤ ᠶᠢᠨ ᠲᠥᠯᠥᠭᠡ ᠶᠤᠮ᠃ ᠤᠰᠤᠯᠠᠬᠤ ᠪᠠ ᠪᠣᠷᠳᠣᠭᠤᠷ ᠤᠷᠤᠭᠤᠯᠬᠤ ᠶᠢ ᠤᠶᠠᠯᠳᠤᠭᠤᠯᠤᠨ᠂ ᠪᠣᠷᠳᠣᠭᠤᠷ ᠲᠠᠢ ᠤᠰᠤ ᠪᠠᠷ ᠣᠰᠣᠯᠠᠪᠠᠯ ᠪᠣᠷᠳᠤᠭᠤᠷ ᠤᠨ ᠬᠡᠷᠡᠭᠯᠡᠬᠦ ᠬᠡᠮᠵᠢᠶ᠎ᠡ ᠶᠢ ᠬᠠᠷᠢᠴᠠᠩᠭᠤᠢ ᠪᠠᠭᠠᠰᠬᠠᠵᠦ ᠴᠢᠳᠠᠨ᠎ᠠ᠂ ᠳᠠᠷᠤᠢ ᠨᠢᠭᠡ ᠤᠳᠠᠭ᠎ᠠ ᠤᠰᠤᠯᠠᠪᠠᠯ᠂ ᠨᠢᠭᠡ ᠤᠳᠠᠭ᠎ᠠ ᠪᠣᠷᠳᠣᠭᠤᠷ ᠲᠠᠢ ᠤᠰᠤ ᠪᠠᠷ ᠤᠰᠤᠯᠠᠵᠤ᠂ ᠤᠷᠭᠤᠯᠲᠠ ᠶᠢ ᠠᠬᠢᠭᠤᠯᠤᠨ᠂ ᠨᠤᠭᠤᠭ᠎ᠠ ᠶᠢᠨ ᠥᠲᠡᠯᠬᠦ ᠶᠢ ᠤᠳᠠᠭᠠᠰᠢᠷᠠᠭᠤᠯᠤᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ