ᠦᠪᠡᠷᠳᠡᠭᠡᠨ ᠵᠠᠰᠬᠠᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠷᠪᠠᠳᠤᠭᠠᠷ ᠬᠤᠷᠠᠯ ᠭᠤᠷᠪᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠵᠠᠢ ᠯᠢ ᠵᠢᠢ ᠾᠸᠡᠭ ᠬᠤᠷᠠᠯ ᠢ ᠡᠷᠬᠢᠯᠡᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2018/12/7
     12 ᠳ᠋ᠤᠭᠠᠷ ᠰᠠᠷ᠎ᠠ ᠶᠢᠨ 6᠎ ᠤ ᠡᠳᠦᠷ᠂ ᠦᠪᠡᠷᠳᠡᠭᠡᠨ ᠵᠠᠰᠬᠠᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠷᠪᠠᠳᠤᠭᠠᠷ ᠬᠤᠷᠠᠯ ᠭᠤᠷᠪᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠠ᠃      ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠤᠳᠤ 60 ᠪᠦᠷᠢᠯᠳᠦᠭᠦᠨ ᠲᠠᠢ᠂ 53 ᠬᠦᠮᠦᠨ ᠨᠢ ᠲᠤᠰ ᠤᠳᠠᠭᠠᠨ ᠤ ᠪᠦᠭᠦᠳᠡ ᠬᠤᠷᠠᠯ ᠳᠤ ᠤᠷᠤᠯᠴᠠᠵᠦ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠲᠠᠢ ᠨᠡᠶᠢᠴᠡᠪᠡ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠸᠡᠭ ᠬᠤᠷᠠᠯ ᠢ ᠡᠷᠬᠢᠯᠡᠵᠤ ᠶᠠᠷᠢᠶ᠎ᠠ ᠲᠠᠯᠪᠢᠵᠠᠢ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠪᠠᠶᠢᠡᠭᠭᠤ ᠶᠢᠨ ᠲᠡᠳ᠋ ᠡᠷᠬᠢᠯᠡᠭᠴᠢ ᠨᠠᠰᠤᠨᠮᠦ᠋ᠡᠭᠭᠡ᠂ ᠲᠡᠳ᠋ ᠡᠷᠬᠢᠯᠡᠭᠴᠢ ᠸᠠᠩ ᠪᠦᠸᠧ᠂ ᠡᠤ ᠲᠤᠸᠠᠨ ᠶᠢᠩ᠂ ᠯᠢ ᠷᠦᠡᠭ ᠰᠢ᠂ ᠯᠢᠶᠠᠨ ᠰᠤ᠋᠂ ᠨᠠᠷᠢᠨ ᠪᠢᠴᠢᠭ ᠤᠨ ᠲᠠᠷᠤᠭ᠎ᠠ ᠱᠢ ᠸᠧᠨ ᠰᠢᠤᠸᠠᠢ ᠵᠢᠴᠢ ᠪᠠᠶᠢᠡᠭᠭᠤ ᠶᠢᠨ ᠭᠡᠰᠢᠭᠦᠳ ᠬᠤᠷᠠᠯ ᠳᠤ ᠤᠷᠤᠯᠴᠠᠵᠠᠢ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠡᠸᠤ ᠶᠠᠩ ᠰᠢᠶᠤᠤ ᠬᠤᠢ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶᠠᠨ ᠤ ᠲᠠᠷᠤᠭ᠎ᠠ ᠶᠠᠩ ᠽᠦᠡᠭ ᠷᠧᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠴᠢ ᠲᠠᠷᠤᠭ᠎ᠠ ᠯᠢ ᠴᠢ ᠯᠢᠨ ᠬᠤᠷᠠᠯ ᠳᠤ ᠰᠤᠯᠠ ᠤᠷᠤᠯᠴᠠᠵᠠᠢ᠃      ᠬᠤᠷᠠᠯ ᠠᠴᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠦᠰᠦᠪ ᠢ ᠬᠢᠨᠠᠨ ᠪᠠᠶᠢᠴᠠᠭᠠᠵᠦ ᠬᠢᠨᠠᠯᠳᠠ ᠲᠠᠯᠪᠢᠬᠤ ᠲᠦᠷᠢᠮ︾ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠲᠦᠷᠢᠮ︾ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠨᠵᠢᠯᠡᠭᠦ ᠤᠬᠠᠭᠠᠨ ᠮᠡᠷᠭᠡᠵᠢᠯ ᠤᠨ ᠦᠷ᠎ᠠ ᠪᠦᠲᠦᠭᠡᠯ ᠢ ᠤᠯᠠᠷᠢᠭᠤᠯᠬᠤ ᠲᠦᠷᠢᠮ ︵ᠵᠠᠰᠠᠪᠤᠷᠢ ᠤᠷᠤᠭᠤᠯᠪᠠ︶︾ ︽︿ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠤᠭᠤ ᠭᠠᠵᠠᠷ ᠤᠨ ᠬᠠᠮᠠᠭᠠᠯᠠᠯᠳᠠ ᠶᠢᠨ ᠲᠦᠷᠢᠮ﹀ ᠵᠡᠷᠭᠡ 5 ᠤᠷᠤᠨ ᠨᠤᠳᠤᠬ ᠤᠨ ᠴᠢᠨᠠᠷᠳᠠᠢ ᠬᠠᠤᠯᠢ ᠳᠦᠷᠢᠮ ᠳᠤ ᠵᠠᠰᠠᠪᠤᠷᠢ ᠤᠷᠤᠭᠤᠯᠬᠤ ᠲᠤᠬᠠᠢ ᠦᠪᠤᠷ ᠮᠤᠩᠭᠤᠯ ᠎ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠤᠬᠳᠠᠭᠠᠯ︾ ︽︿ᠭᠡᠰᠡᠭ ᠤᠷᠤᠨ ᠨᠤᠳᠤᠬ ᠤᠨ ᠴᠢᠨᠠᠷᠳᠠᠢ ᠬᠠᠤᠯᠢ ᠳᠦᠷᠢᠮ ᠳᠤ ᠵᠠᠰᠠᠪᠤᠷᠢ ᠤᠷᠤᠭᠤᠯᠬᠤ ᠲᠤᠬᠠᠢ ᠬᠦᠬᠡᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠤᠬᠳᠠᠭᠠᠯ﹀᠎ ᠢ ᠵᠦᠪᠰᠢᠶᠡᠷᠡᠭᠦ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠰᠢᠢᠳᠪᠤᠷᠢ︾ ︽︿ᠤᠯᠠᠭᠠᠨᠬᠠᠳᠠ ᠬᠤᠳᠠ ᠶᠢᠨ ᠭᠠᠵᠠᠷ ᠲᠤᠤᠷᠠᠬᠢ ᠤᠰᠤᠨ ᠤ ᠬᠠᠮᠠᠭᠠᠯᠠᠯᠳᠠ ᠶᠢᠨ ᠲᠦᠷᠢᠮ﹀᠎ ᠢ ᠵᠦᠪᠰᠢᠶᠡᠷᠡᠭᠦ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠰᠢᠢᠳᠪᠤᠷᠢ︾ ︽︿ᠤᠯᠠᠭᠠᠨᠴᠠᠪ ᠬᠤᠳᠠ ᠶᠢᠨ ᠠᠳᠠᠯ ᠠᠬᠤᠢ ᠶᠢᠨ ᠬᠠᠮᠢᠶᠠᠷᠤᠯᠳᠠ ᠶᠢᠨ ᠲᠦᠷᠢᠮ﹀᠎ ᠢ ᠵᠦᠪᠰᠢᠶᠡᠷᠡᠭᠦ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠰᠢᠢᠳᠪᠤᠷᠢ︾ ︽︿ᠪᠠᠶᠠᠨᠨᠠᠭᠤᠷ ᠬᠤᠳᠠ ᠶᠢᠨ ᠬᠤᠳᠠ ᠶᠢᠨ ᠲᠦᠷᠭᠦ ᠪᠠ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠳᠠ ᠶᠢᠨ ᠲᠦᠷᠢᠮ﹀᠎ ᠢ ᠵᠦᠪᠰᠢᠶᠡᠷᠡᠭᠦ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠰᠢᠢᠳᠪᠤᠷᠢ︾ ︽︿ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠤᠰᠤᠨ ᠬᠠᠤᠯᠢ﹀᠎ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠤᠨ ᠬᠡᠷᠡᠭᠵᠢᠭᠦᠯᠭᠦ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠰᠢᠢᠳᠪᠤᠷᠢ︾ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠢ ᠬᠤᠷᠠᠯᠳᠤᠭᠤᠯᠬᠤ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠎ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠤᠬᠳᠠᠭᠠᠯ︾ ︽2018 ᠣᠨ ᠤ ᠦᠪᠡᠷᠳᠡᠭᠡᠨ ᠵᠠᠰᠠᠬᠤ ᠤᠷᠤᠨ ᠤ ᠲᠤᠰ ᠱᠠᠳᠤᠨ ᠤ ᠲᠦᠰᠦᠪ ᠤᠨ ᠲᠤᠬᠢᠷᠠᠭᠤᠯᠭ᠎ᠠ ᠶᠢᠨ ᠲᠦᠰᠦᠯ ᠢ ᠵᠦᠪᠰᠢᠶᠡᠷᠡᠭᠦ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠎ ᠤᠨ ᠪᠠᠶᠢᠡᠭᠭᠤ ᠶᠢᠨ ᠬᠤᠷᠢᠶᠠᠨ ᠤ ᠰᠢᠢᠳᠪᠤᠷᠢ︾᠎ ᠶᠢ ᠪᠠᠳᠤᠯᠠᠪᠠ᠃ ᠬᠤᠷᠠᠯ ᠠᠴᠠ ᠪᠠᠰᠠ ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠤᠮᠢᠯᠠᠵᠦ ᠲᠤᠰᠢᠶᠠᠯ ᠠᠴᠠ ᠨᠢ ᠪᠠᠭᠤᠯᠭᠠᠬᠤ ᠵᠦᠢᠯᠡᠰ ᠢ ᠪᠠᠳᠤᠯᠠᠪᠠ᠃      ᠬᠤᠷᠠᠯ ᠤᠨ ᠡᠯ᠎ᠠ ᠲᠦᠷᠦᠯ ᠤᠨ ᠤᠷᠢᠳᠴᠢᠯᠠᠨ ᠲᠤᠬᠳᠠᠭᠠᠬᠰᠠᠨ ᠡᠭᠦᠷᠭᠡ ᠪᠠᠨ ᠲᠠᠭᠤᠰᠬᠠᠬᠰᠠᠨ ᠤ ᠲᠠᠷᠠᠭ᠎ᠠ᠂ ᠯᠢ ᠵᠢᠢ ᠾᠸᠡᠭ ᠪᠠᠶᠢᠡᠭᠭᠤ ᠶᠢᠨ ᠬᠤᠷᠢᠶᠠᠨ ᠤ ᠪᠦᠷᠢᠯᠳᠦᠭᠦᠨ ᠨᠠᠷ ᠤᠨ ᠦᠢᠯᠡᠳᠤᠯ ᠢ ᠰᠠᠶᠢᠳᠤᠷ ᠪᠠᠳᠠᠷᠠᠭᠤᠯᠵᠦ᠂ ᠰᠢᠨ᠎ᠠ ᠴᠠᠬ ᠦᠶ᠎ᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢ ᠬᠠᠮᠳᠤ ᠪᠠᠷ ᠰᠠᠶᠢᠳᠤᠷ ᠭᠢᠭᠦ ᠲᠤᠬᠠᠢ ᠱᠠᠭᠠᠷᠳᠠᠯᠭ᠎ᠠ ᠲᠤᠷᠠᠳᠪᠠ᠃ ᠲᠡᠷᠡ ᠴᠢᠬᠤᠯᠠᠴᠢᠯᠠᠭᠰᠠᠨ ᠨᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯ ᠤᠯᠤᠰ ᠤᠨ ᠡᠷᠭᠡᠳᠤ ᠪᠠᠶᠢᠭᠤᠯᠭ᠎ᠠ ᠪᠦᠭᠡᠳ ᠨᠠᠮ ᠤᠨ ᠤᠳᠤᠷᠢᠳᠤᠯᠭ᠎ᠠ ᠲᠤᠤᠷᠠᠬᠢ ᠤᠯᠤᠰ ᠲᠦᠷᠦ ᠶᠢᠨ ᠪᠠᠶᠢᠭᠤᠯᠭ᠎ᠠ ᠮᠦᠨ᠂ ᠡᠷᠭᠡᠪᠰᠢ ᠲᠤᠭ ᠲᠡᠮᠳᠡᠭ ᠲᠤᠳᠤᠷᠬᠠᠢ ᠪᠠᠷ ᠤᠯᠤᠰ ᠲᠦᠷᠦ ᠶᠠᠷᠢᠵᠦ᠂ ︽ᠲᠦᠷᠪᠡᠨ ᠤᠬᠠᠮᠰᠠᠷ︾᠎ ᠢ ᠢᠮᠠᠬᠳᠠ ᠪᠠᠳᠤ ᠪᠠᠭᠢᠯᠠᠵᠦ᠂ ︽ᠲᠦᠷᠪᠡᠨ ᠢᠳᠡᠭᠡᠯ︾᠎ ᠢ ᠦᠨᠡᠨ ᠭᠦ ᠪᠠᠳᠤᠳᠬᠠᠵᠦ᠂ ︽ᠬᠤᠶᠠᠷ ᠢ ᠬᠠᠮᠠᠭᠠᠯᠠᠬᠤ︾᠎ ᠶᠢ ᠭᠤᠶᠢᠪᠢᠰᠢ ᠦᠭᠡᠢ ᠬᠢᠭᠦ ᠬᠡᠷᠡᠭᠳᠡᠢ᠃ ︽ᠨᠢᠭᠡᠲᠦᠭᠡᠷ ᠹᠷᠤᠨᠲ︾᠎ ᠤᠨ ᠤᠬᠠᠮᠰᠠᠷ ᠪᠠ ᠬᠠᠷᠢᠭᠤᠴᠠᠯᠭ᠎ᠠ ᠡᠭᠦᠷᠭᠡᠯᠡᠭᠦ ᠵᠤᠷᠢᠭ ᠰᠠᠨᠠᠭ᠎ᠠ ᠪᠠᠨ ᠴᠢᠩᠳᠠᠯᠠᠵᠦ᠂ ᠨᠠᠮ ᠪᠠ ᠠᠷᠠᠳ ᠲᠦᠮᠡᠨ ᠳᠤ ᠲᠡᠭᠡᠳᠤ ᠬᠡᠮᠵᠢᠶ᠎ᠠ ᠪᠠᠷ ᠬᠠᠷᠢᠭᠤᠴᠠᠬᠤ ᠤᠪᠤᠷ ᠢᠶᠠᠷ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠤᠯᠭᠤᠬᠰᠠᠨ ᠡᠭᠦᠷᠭᠡ ᠬᠠᠷᠢᠭᠤᠴᠠᠯᠭ᠎ᠠ ᠪᠠᠨ ᠰᠠᠶᠢᠳᠤᠷ ᠭᠦᠢᠴᠡᠳᠭᠡᠵᠦ᠂ ᠨᠠᠮ ᠢᠶᠠᠨ ᠰᠠᠨᠠᠭ᠎ᠠ ᠠᠮᠤᠷ ᠪᠠᠶᠢᠯᠭᠠᠵᠦ᠂ ᠠᠷᠠᠳ ᠲᠦᠮᠡᠨ ᠤ ᠬᠠᠨᠤᠮᠵᠢᠳᠠᠢ ᠭᠡᠰᠢᠭᠦᠨ ᠪᠤᠯᠬᠤ ᠬᠡᠷᠡᠭᠳᠡᠢ᠃ ᠡᠭᠦᠷᠭᠡ ᠭᠦᠢᠴᠡᠳᠭᠡᠭᠦ ᠴᠢᠳᠠᠪᠤᠷᠢ ᠪᠠᠨ ᠲᠡᠭᠡᠭᠰᠢᠯᠡᠭᠦᠯᠵᠦ᠂ ᠤᠨᠤᠯ ᠤᠨ ᠵᠡᠪᠰᠡᠭᠯᠡᠯ ᠢᠶᠠᠨ ᠴᠢᠩᠭᠠᠳᠬᠠᠵᠦ᠂ ᠰᠤᠷᠤᠯᠴᠠᠯᠭ᠎ᠠ ᠶᠢᠨ ᠬᠡᠪᠴᠢᠶ᠎ᠠ ᠪᠠᠨ ᠦᠷᠭᠡᠳᠭᠡᠵᠦ᠂ ᠤᠨᠤᠯ ᠤᠨ ᠲᠦᠪᠰᠢᠨ ᠪᠠ ᠴᠢᠳᠠᠪᠤᠷᠢ ᠪᠤᠯᠪᠠᠰᠤᠷᠠᠯ ᠢᠶᠠᠨ ᠪᠦᠭᠦ ᠲᠠᠯ᠎ᠠ ᠪᠠᠷ ᠲᠡᠭᠡᠭᠰᠢᠯᠡᠭᠦᠯᠭᠦ ᠬᠡᠷᠡᠭᠳᠡᠢ᠃ ᠪᠠᠶᠢᠴᠠᠭᠠᠨ ᠰᠤᠳᠤᠯᠤᠯᠳᠠ ᠪᠠᠨ ᠴᠢᠩᠭᠠᠳᠬᠠᠵᠦ᠂ ᠪᠦᠲᠦᠭᠡᠯᠴᠢ ᠴᠢᠨᠠᠷᠳᠠᠢ ᠰᠠᠨᠠᠯ ᠰᠠᠨᠠᠭᠤᠯᠭ᠎ᠠ ᠶᠢ ᠢᠯᠡᠭᠦᠭᠡᠨ ᠲᠤᠷᠠᠳᠴᠤ᠂ ᠬᠢᠨᠠᠨ ᠵᠦᠪᠯᠡᠭᠦ ᠶᠠᠰᠦ ᠴᠢᠨᠠᠷ ᠢ ᠦᠨᠡᠨ ᠭᠦ ᠲᠡᠭᠡᠭᠰᠢᠯᠡᠭᠦᠯᠭᠦ ᠬᠡᠷᠡᠭᠳᠡᠢ᠃ ᠬᠤᠷᠠᠯ ᠤᠨ ᠰᠠᠭᠢᠯᠭ᠎ᠠ ᠪᠠᠳᠤ ᠶᠢ ᠴᠢᠩᠭ᠎ᠠ ᠵᠢᠷᠤᠮᠯᠠᠵᠦ᠂ ᠬᠤᠷᠠᠯ ᠎ ᠤᠨ ᠴᠢᠨᠠᠷ ᠴᠢᠨᠰᠠᠭ᠎ᠠ ᠪᠠ ᠦᠷ᠎ᠠ ᠪᠦᠲᠦᠮᠵᠢ ᠶᠢ ᠪᠠᠳᠤᠯᠠᠬᠤ ᠬᠡᠷᠡᠭᠳᠡᠢ ᠭᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号