ᠥᠪᠡᠷᠲᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠷᠪᠠᠳᠤᠭᠠᠷ ᠬᠤᠷᠠᠯ ᠲᠤᠭᠤᠢᠢᠯᠠᠩ ᠬᠠᠮᠳᠤᠷᠠᠬᠰᠠᠨ ᠬᠤᠷᠠᠯ ᠬᠢᠵᠠᠢ
ᠨᠡᠶᠢᠲᠡᠯᠡᠭᠰᠡᠨ ᠴᠠᠭ᠄
2018/12/7
     12 ᠳ᠋ᠤᠭᠠᠷ ᠰᠠᠷ᠎ᠠ ᠶᠢᠨ 6᠎ ᠤ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠷᠪᠠᠳᠤᠭᠠᠷ ᠬᠤᠷᠠᠯ ᠲᠤᠭᠤᠢᠢᠯᠠᠩ ᠬᠠᠮᠳᠤᠷᠠᠬᠰᠠᠨ ᠬᠤᠷᠠᠯ ᠬᠢᠵᠤ᠂ ᠦᠪᠡᠷᠳᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠭᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠢᠩᠭᠢᠮ ᠤᠨ ᠲᠦᠯᠦᠭᠡᠯᠡᠭᠴᠢ ᠶᠢᠨ ᠰᠠᠨᠠᠭᠤᠯᠭ᠎ᠠ ᠶᠢ ᠰᠢᠢᠳᠪᠤᠷᠢᠯᠡᠭᠦ ᠠᠵᠢᠯ ᠳᠤ ᠠᠵᠢᠯ ᠤᠨ ᠵᠦᠪᠯᠡᠨ ᠲᠤᠭᠳᠠᠭᠠᠯᠳᠠ ᠪᠠ ᠬᠠᠨᠤᠮᠵᠢ ᠶᠢᠨ ᠬᠡᠮᠵᠢᠶ᠎ᠠ ᠶᠢᠨ ᠦᠨᠡᠯᠡᠯᠲᠡ ᠬᠢᠪᠠ᠃      ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠪᠠᠶᠢᠡᠭᠭᠤ ᠶᠢᠨ ᠲᠡᠳ᠋ ᠲᠡᠷᠢᠭᠦᠯᠡᠭᠴᠢ ᠨᠠᠰᠤᠨᠮᠦ᠋ᠡᠭᠭᠡ ᠬᠤᠷᠠᠯ ᠳᠤ ᠤᠷᠤᠯᠴᠠᠬᠰᠠᠨ ᠪᠦᠭᠡᠳ ᠶᠠᠷᠢᠶ᠎ᠠ ᠲᠠᠯᠪᠢᠵᠦ᠂ ᠲᠡᠳ᠋ ᠡᠷᠬᠢᠯᠡᠭᠴᠢ ᠸᠠᠩ ᠪᠦᠸᠧ᠂ ᠡᠤ ᠲᠤᠸᠠᠨ ᠶᠢᠩ᠂ ᠯᠢ ᠷᠦᠡᠭ ᠰᠢ᠂ ᠨᠠᠷᠢᠨ ᠪᠢᠴᠢᠭ ᠤᠨ ᠲᠠᠷᠤᠭ᠎ᠠ ᠱᠢ ᠸᠧᠨ ᠰᠢᠤᠸᠠᠢ ᠵᠢᠴᠢ ᠪᠠᠶᠢᠡᠭᠭᠤ ᠶᠢᠨ ᠭᠡᠰᠢᠭᠦᠳ ᠬᠤᠷᠠᠯ ᠳᠤ ᠤᠷᠤᠯᠴᠠᠵᠦ᠂ ᠲᠡᠳ᠋ ᠡᠷᠬᠢᠯᠡᠭᠴᠢ ᠯᠢᠶᠠᠨ ᠰᠤ᠋ ᠬᠤᠷᠠᠯ ᠡᠷᠬᠢᠯᠡᠵᠠᠢ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠡᠸᠤ ᠶᠠᠩ ᠰᠢᠶᠤᠤ ᠬᠤᠢ ᠤᠪᠤᠷ ᠢᠶᠠᠨ ᠢᠯᠡᠳᠭᠡᠭᠦ ᠦᠭᠡ ᠬᠡᠯᠡᠵᠦ᠂ ᠭᠡᠰᠡᠭ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢ ᠪᠤᠯᠤᠨ ᠦᠪᠡᠷᠳᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠭᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠢᠩᠭᠢᠮ ᠤᠨ ᠬᠠᠮᠢᠶ᠎ᠠ ᠪᠦᠭᠦᠢ ᠬᠠᠷᠢᠭᠤᠴᠠᠯᠭᠠᠳᠠᠨ ᠬᠤᠷᠠᠯ ᠳᠤ ᠤᠷᠤᠯᠴᠠᠵᠠᠢ᠃      ᠲᠤᠭᠤᠢᠢᠯᠠᠩ ᠬᠠᠮᠳᠤᠷᠠᠬᠰᠠᠨ ᠬᠤᠷᠠᠯ ᠲᠡᠭᠡᠷ᠎ᠠ᠂ 8 ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠭᠡᠰᠢᠭᠦᠨ ᠪᠤᠯᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢ ᠠᠴᠠ ᠡᠮ ᠡᠮᠨᠡᠯᠭᠡ ᠶᠢᠨ ᠲᠠᠭᠠᠳᠬᠠᠯ ᠤᠨ ᠵᠠᠷᠤᠳᠠᠯ ᠤᠨ ᠬᠢᠵᠠᠭᠠᠷᠯᠠᠯ ᠢ ᠴᠢᠩᠭᠠᠳᠬᠠᠬᠤ᠂ ᠪᠠᠭᠰᠢ ᠤᠷᠢᠨ ᠡᠯᠰᠡᠵᠦ ᠨᠦᠭᠦᠪᠦᠷᠢᠯᠡᠭᠦ ᠠᠵᠢᠯ᠂ ᠬᠢᠯᠢ ᠬᠢᠵᠠᠭᠠᠷ ᠤᠷᠤᠨ ᠤ ᠮᠠᠯᠴᠢᠳ ᠤᠨ ᠨᠠᠰᠤᠵᠢᠯ ᠤᠨ ᠲᠠᠭᠠᠳᠬᠠᠯ ᠤᠨ ᠰᠠᠭᠤᠷᠢ ᠨᠠᠰᠤᠵᠢᠯ ᠤᠨ ᠮᠦᠡᠭᠭᠦ ᠶᠢᠨ ᠠᠰᠠᠭᠤᠳᠠᠯ ᠵᠡᠷᠭᠡ ᠠᠭᠤᠯᠭ᠎ᠠ ᠶᠢᠨ ᠲᠤᠭᠤᠷᠢᠨ ᠳᠤ ᠠᠰᠠᠭᠤᠨ ᠯᠠᠪᠯᠠᠪᠠ᠃ ᠦᠪᠡᠷᠳᠡᠭᠡᠨ ᠵᠠᠰᠠᠬᠤ ᠤᠷᠤᠨ ᠤ ᠬᠦᠮᠦᠨ ᠤ ᠬᠦᠴᠤᠨ ᠤ ᠡᠭᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠢᠩᠭᠢᠮ ᠤᠨ ᠬᠠᠮᠢᠶ᠎ᠠ ᠪᠦᠭᠦᠢ ᠬᠠᠷᠢᠭᠤᠴᠠᠯᠭᠠᠳᠠᠨ ᠤ ᠬᠠᠷᠢᠭᠤᠯᠳᠠ ᠶᠢ ᠰᠤᠨᠤᠰᠤᠬᠰᠠᠨ ᠤ ᠲᠠᠷᠠᠭ᠎ᠠ᠂ ᠪᠦᠷᠢᠯᠳᠦᠭᠦᠨ ᠨᠠᠷ ᠪᠠ ᠬᠤᠷᠠᠯ ᠳᠤ ᠤᠷᠤᠯᠴᠠᠬᠰᠠᠨ ᠲᠦᠯᠦᠭᠡᠯᠡᠭᠴᠢᠳ ᠦᠪᠡᠷᠳᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠭᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠢᠩᠭᠢᠮ ᠤᠨ ᠰᠢᠢᠳᠪᠤᠷᠢᠯᠡᠭᠦ ᠠᠵᠢᠯ ᠳᠤ ᠬᠠᠨᠤᠮᠵᠢ ᠶᠢᠨ ᠬᠡᠮᠵᠢᠶ᠎ᠠ ᠶᠢᠨ ᠦᠨᠡᠯᠡᠯᠳᠡ ᠬᠢᠭᠰᠡᠨ ᠪᠦᠭᠡᠳ ᠦᠷ᠎ᠠ ᠳ᠋ᠦᠩ ᠨᠢ ᠬᠠᠨᠤᠮᠵᠢ ᠲᠠᠢ ᠪᠠᠶᠢᠯ᠎ᠠ᠃      ᠡᠸᠤ ᠶᠠᠩ ᠰᠢᠶᠤᠤ ᠬᠤᠢ ᠤᠪᠤᠷ ᠢᠶᠠᠨ ᠢᠯᠡᠳᠭᠡᠭᠦ ᠦᠭᠡ ᠬᠡᠯᠡᠭᠦ ᠳᠤ ᠪᠠᠨ᠂ ᠦᠪᠡᠷᠳᠡᠭᠡᠨ ᠵᠠᠰᠠᠬᠤ ᠤᠷᠤᠨ ᠎ ᠤ ᠠᠷᠠᠳ ᠤᠨ ᠵᠠᠰᠠᠬ ᠤᠨ ᠤᠷᠳᠤᠨ ᠠᠷᠠᠳ ᠤᠨ ᠲᠦᠯᠦᠭᠡᠯᠡᠭᠴᠢ ᠶᠢᠨ ᠰᠠᠨᠠᠭᠤᠯᠭ᠎ᠠ ᠶᠢ ᠰᠢᠢᠳᠪᠤᠷᠢᠯᠡᠭᠦ ᠠᠵᠢᠯ ᠢ ᠰᠤᠯᠠᠷᠠᠭᠤᠯᠤᠯ ᠦᠭᠡᠢ ᠴᠢᠩᠭ᠎ᠠ ᠠᠳᠬᠤᠵᠦ᠂ ᠲᠦᠯᠦᠭᠡᠯᠡᠭᠴᠢᠳ ᠤᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠠᠨ ᠠᠪᠴᠤ᠂ ᠨᠡᠩ ᠦᠨᠡᠨ ᠪᠤᠳᠠᠳᠠᠢ ᠶᠢ ᠡᠷᠬᠢᠮᠯᠡᠭᠦ ᠰᠤᠷᠳᠠᠯ᠂ ᠨᠡᠩ ᠢᠳᠡᠪᠭᠢᠳᠠᠢ ᠤᠪᠤᠷ ᠢᠶᠠᠷ ᠠᠵᠢᠯ ᠢᠶᠠᠨ ᠯᠠᠪᠳᠠᠭᠤᠨ ᠪᠠᠳᠤᠳᠠᠢ ᠬᠢᠵᠦ᠂ ᠰᠠᠨᠠᠭᠤᠯᠭ᠎ᠠ ᠶᠢ ᠰᠢᠢᠳᠪᠤᠷᠢᠯᠡᠭᠦ ᠠᠵᠢᠯ ᠳᠤ ᠪᠤᠳᠠᠳᠤ ᠦᠷ᠎ᠠ ᠪᠦᠲᠦᠮᠵᠢ ᠭᠠᠷᠭᠠᠬᠤ ᠶᠢ ᠪᠠᠳᠤᠯᠠᠨ᠎ᠠ ᠭᠡᠵᠦ ᠢᠯᠡᠷᠭᠡᠶᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠠ ᠲᠠᠭᠠᠭᠠᠴᠢᠯᠠᠨ ᠰᠢᠢᠳᠪᠤᠷᠢᠯᠡᠭᠦ ᠰᠠᠯᠠᠭ᠎ᠠ ᠮᠦᠴᠢᠷ ᠤᠨ ᠬᠢᠨ ᠠᠷᠠᠳ ᠤᠨ ᠲᠦᠯᠦᠭᠡᠯᠡᠭᠴᠢ ᠶᠢᠨ ᠰᠠᠨᠠᠭᠤᠯᠭ᠎ᠠ ᠶᠢ ᠰᠢᠢᠳᠪᠤᠷᠢᠯᠡᠭᠦ ᠠᠵᠢᠯ ᠢ ᠨᠠᠩ ᠴᠢᠬᠤᠯᠠᠴᠢᠯᠠᠵᠤ᠂ ︽ᠬᠠᠷᠢᠭᠤᠯᠳᠠ ᠮᠠᠰᠢ ᠰᠠᠶᠢᠨ᠂ ᠨᠠᠶᠢᠳᠠᠪᠤᠷᠢᠵᠢᠭᠤᠯᠤᠯᠳᠠ ᠪᠠᠷᠤᠬᠳᠠᠢ︾ ᠪᠠᠶᠢᠬᠤ ᠵᠡᠷᠭᠡ ᠠᠰᠠᠭᠤᠳᠠᠯ ᠢ ᠬᠦᠴᠦ ᠲᠠᠯᠪᠢᠨ ᠰᠢᠢᠳᠪᠤᠷᠢᠯᠡᠵᠦ᠂ ᠡᠨᠡ ᠵᠢᠯ ᠤᠨ B ᠲᠦᠷᠦᠯ ᠤᠨ ᠰᠠᠨᠠᠭᠤᠯᠭ᠎ᠠ ᠳᠤ ᠨᠠᠷᠢᠨ ᠲᠠᠩᠰᠠ ᠭᠠᠷᠭᠠᠵᠦ᠂ 2019 ᠣᠨ ᠳᠤ ᠦᠷᠭᠦᠯᠵᠢᠯᠡᠨ ᠨᠡᠭᠡᠮᠵᠢᠯᠠᠨ ᠰᠢᠮᠳᠠᠭᠤᠯᠤᠨ ᠰᠢᠢᠳᠪᠤᠷᠢᠯᠡᠭᠦ ᠬᠡᠷᠡᠭᠳᠡᠢ︔ ᠬᠤᠶᠠᠷ ︽ᠴᠢᠨᠠᠷ ᠰᠠᠶᠢᠳᠠᠢ︾᠎ ᠶᠢ ᠪᠡᠶᠡᠯᠡᠭᠦᠯᠭᠦ ᠲᠠᠯ᠎ᠠ ᠪᠠᠷ ᠬᠦᠴᠦ ᠲᠠᠯᠪᠢᠵᠤ᠂ ᠲᠦᠯᠦᠭᠡᠯᠡᠭᠴᠢ ᠴᠢᠨᠠᠷ ᠰᠠᠶᠢᠳᠠᠢ ᠰᠠᠨᠠᠯ ᠰᠠᠨᠠᠭᠤᠯᠭ᠎ᠠ ᠲᠤᠷᠠᠳᠪᠠᠯ᠂ ᠡᠯ᠎ᠠ ᠲᠠᠭᠠᠭᠠᠴᠢᠯᠠᠨ ᠰᠢᠢᠳᠪᠤᠷᠢᠯᠡᠭᠦ ᠰᠠᠯᠠᠭ᠎ᠠ ᠮᠦᠴᠢᠷ ᠪᠠᠰᠠ ᠴᠢᠨᠠᠷ ᠰᠠᠶᠢᠳᠠᠢ ᠰᠢᠢᠳᠪᠤᠷᠢᠯᠡᠵᠦ᠂ ᠨᠠᠶᠢᠳᠠᠪᠤᠷᠢᠵᠢᠭᠤᠯᠬᠤ ᠪᠠ ᠰᠢᠢᠳᠪᠤᠷᠢᠯᠡᠭᠦ ᠲᠠᠯ᠎ᠠ ᠪᠠᠷ ᠨᠡᠩ ᠶᠡᠭᠡ ᠬᠦᠴᠦ ᠤᠷᠤᠭᠤᠯᠬᠤ ᠬᠡᠷᠡᠭᠳᠡᠢ︔ ᠲᠦᠯᠦᠭᠡᠯᠡᠭᠴᠢ ᠶᠢᠨ ᠰᠠᠨᠠᠭᠤᠯᠭ᠎ᠠ ᠶᠢ ᠰᠢᠢᠳᠪᠤᠷᠢᠯᠡᠭᠦ ᠬᠢᠨᠠᠨ ᠦᠨᠡᠯᠡᠭᠦ ᠲᠤᠬᠳᠠᠴᠠ ᠶᠢ ᠪᠠᠶᠢᠭᠤᠯᠵᠦ᠂ ᠠᠵᠢᠯ ᠤᠨ ᠲᠤᠬᠳᠠᠴᠠ ᠪᠠᠨ ᠴᠢᠨᠠᠬᠰᠢᠳᠠ ᠲᠡᠭᠦᠯᠳᠡᠷᠵᠢᠭᠦᠯᠵᠦ᠂ ᠲᠦᠯᠦᠭᠡᠯᠡᠭᠴᠢᠳ ᠤᠨ ᠬᠠᠨᠤᠮᠵᠢ ᠶᠢᠨ ᠬᠡᠮᠵᠢᠶ᠎ᠠ ᠶᠢ ᠴᠢᠷᠮᠠᠶᠢᠨ ᠲᠡᠭᠡᠭᠰᠢᠯᠡᠭᠦᠯᠭᠦ ᠬᠡᠷᠡᠭᠳᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号