2 ᠳ᠋ᠤᠭᠠᠷ ᠰᠠᠷ᠎ᠠ ᠶᠢᠨ 6 ᠤ ᠡᠳᠦᠷ᠂ 2018 ᠣᠨ ᠤ ᠪᠦᠬᠦ ᠤᠷᠤᠨ ᠤ ᠪᠡᠶ᠎ᠠ ᠶᠢᠨ ᠲᠠᠮᠢᠷ ᠤᠨ ᠠᠵᠢᠯ ᠤᠨ | ᠬᠤᠷᠠᠯ ᠬᠦᠬᠡᠬᠤᠳᠠ ᠳᠤ ᠬᠤᠷᠠᠯᠳᠤᠪᠠ᠃ ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠰᠢᠬᠢ ᠦᠪᠡᠷᠳᠡᠬᠡᠨ ᠵᠠᠰᠠᠬᠤ ᠤᠷᠤᠨ ᠤ ᠪᠡᠶ᠎ᠠ ᠶᠢᠨ ᠲᠠᠮᠢᠷ ᠤᠨ ᠦᠢᠯᠡᠰ ᠤᠨ ᠤᠯᠤᠭᠰᠠᠠ ᠠᠮᠵᠢᠯᠳᠠ ᠪᠦᠳᠦᠮᠵᠢ ᠶᠢ | ᠪᠦᠬᠦ ᠲᠠᠯ᠎ᠠ ᠪᠠᠷ ᠳ᠋ᠦᠩᠨᠡᠬᠦ ᠶᠢᠨ ᠬᠠᠮᠳᠤ 2018 ᠣᠨ ᠤ ᠪᠦᠬᠦ ᠤᠷᠤᠨ ᠤ ᠪᠡᠶ᠎ᠠ ᠶᠢᠨ ᠲᠠᠮᠢᠷ ᠤᠨ ᠠᠵᠢᠯ ᠳᠤ | ᠪᠦᠬᠦ ᠲᠠᠯ᠎ᠠ ᠪᠠᠷ ᠪᠠᠶᠢᠷᠢᠯᠠᠭᠤᠯᠤᠯᠳᠠ ᠬᠢᠵᠠᠢ᠃ | ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠨᠠᠮ ᠪᠤᠯᠤᠨ ᠤᠯᠤᠰ ᠠᠴᠠ | ᠪᠡᠶ᠎ᠠ ᠶᠢᠨ ᠲᠠᠮᠢᠷ ᠤᠨ ᠦᠢᠯᠡᠰ ᠤᠨ ᠬᠦᠭᠵᠢᠯᠳᠠ ᠶᠢ ᠮᠠᠰᠢ ᠬᠦᠨᠳᠦᠳᠬᠡᠨ ᠬᠠᠯᠠᠮᠵᠢᠯᠠᠵᠤ᠂ ᠦᠪᠡᠷᠳᠡᠬᠡᠨ ᠵᠠᠰᠠᠬᠤ | ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠪᠡᠶ᠎ᠠ ᠶᠢᠨ ᠲᠠᠮᠢᠷ ᠤᠨ ᠠᠵᠢᠯ ᠢ ᠲᠦᠢᠯ ᠢᠶᠠᠷ | ᠴᠢᠬᠤᠯᠠᠴᠢᠯᠠᠨ ᠠᠳᠬᠤᠭᠰᠠᠭᠠᠷ ᠢᠷᠡᠪᠠ᠃ ᠦᠩᠬᠡᠷᠡᠭᠰᠡᠡ ᠲᠠᠪᠤᠨ ᠵᠢᠯ ᠪᠤᠯ ᠪᠡᠶ᠎ᠠ ᠶᠢᠨ ᠲᠠᠮᠢᠷ ᠤᠨ ᠦᠬᠡᠷᠡᠴᠢᠯᠠᠯᠳᠠ | ᠲᠠᠰᠤᠷᠠᠯᠳᠠ ᠦᠬᠡᠢ ᠬᠦᠨᠵᠡᠬᠡᠶᠢᠷᠡᠭᠰᠡᠡ ᠲᠠᠪᠤᠨ ᠵᠢᠯ ᠪᠤᠯᠬᠤ ᠪᠦᠭᠡᠳ ᠪᠦᠬᠦ ᠠᠷᠠᠳ ᠤᠨ ᠪᠡᠶ᠎ᠠ ᠴᠢᠬᠢᠷᠠᠭᠵᠢᠭᠤᠯᠬᠤ | ᠦᠢᠯᠡᠰ ᠦᠷᠨᠢᠬᠦᠨ ᠬᠦᠭᠵᠢᠭᠰᠡᠡ ᠲᠠᠪᠤᠨ ᠵᠢᠯ ᠪᠤᠯᠤᠨ᠎ᠠ᠂ ᠮᠦᠨᠴᠤ ᠦᠨᠳᠦᠰᠦᠳᠠᠨ ᠤ ᠤᠯᠠᠮᠵᠢᠯᠠᠯᠳᠤ ᠪᠡᠶ᠎ᠠ ᠶᠢᠨ | ᠲᠠᠮᠢᠷ ᠤᠯᠠᠮᠵᠢᠯᠠᠨ ᠬᠦᠭᠵᠢᠭᠰᠡᠡ ᠲᠠᠪᠤᠨ ᠵᠢᠯ᠂ ᠪᠡᠶ᠎ᠠ ᠶᠢᠨ ᠲᠠᠮᠢᠷ ᠤᠨ ᠠᠵᠤ ᠦᠢᠯᠡᠰ ᠯᠠᠪᠳᠠᠭᠤᠨ ᠢᠶᠠᠷ | ᠤᠷᠤᠭᠰᠢᠯᠠᠭᠰᠠᠠ ᠲᠠᠪᠤᠨ ᠵᠢᠯ ᠪᠤᠯᠤᠨ᠎ᠠ ᠭᠡᠵᠤ ᠵᠢᠭᠠᠵᠤ ᠭᠠᠷᠭᠠᠵᠠᠢ᠃ | 2018 ᠣᠨ ᠪᠤᠯ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠬᠤ ᠠᠩᠬᠠᠨ ᠤ ᠵᠢᠯ ᠪᠤᠯᠤᠨ᠎ᠠ᠃ ᠬᠤᠷᠠᠯ ᠠᠴᠠ᠂ ᠪᠦᠬᠦ ᠤᠷᠤᠨ ᠤ ᠪᠡᠶ᠎ᠠ ᠶᠢᠨ ᠲᠠᠮᠢᠷ ᠤᠨ ᠰᠢᠰᠲ᠋ᠧᠮ | ᠤᠨ ᠬᠢᠨ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠬᠦᠨᠵᠡᠬᠡᠢ ᠰᠤᠷᠤᠯᠴᠠᠵᠤ | ᠤᠬᠠᠭᠤᠯᠤᠨ ᠲᠤᠤᠱᠯᠠᠭᠤᠯᠵᠤ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ | ᠪᠡᠶ᠎ᠠ ᠶᠢᠨ ᠲᠠᠮᠢᠷ ᠤᠨ ᠠᠵᠢᠯ ᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠬᠢᠨᠠᠮᠠᠭᠠᠢ | ᠨᠠᠶᠢᠳᠠᠪᠤᠷᠢᠵᠢᠭᠤᠯᠤᠨ᠂ ᠮᠠᠨ ᠤ ᠤᠷᠤᠨ ᠤ ᠪᠡᠶ᠎ᠠ ᠶᠢᠨ ᠲᠠᠮᠢᠷ ᠤᠨ ᠦᠢᠯᠡᠰ ᠤᠨ ᠬᠦᠭᠵᠢᠯᠳᠠ ᠶᠢᠨ ᠰᠢᠨ᠎ᠠ ᠪᠠᠶᠢᠳᠠᠯ | ᠢ ᠴᠢᠷᠮᠠᠶᠢᠨ ᠡᠬᠦᠳᠴᠤ᠂ ᠪᠡᠶ᠎ᠠ ᠶᠢᠨ ᠲᠠᠮᠢᠷ ᠤᠨ ᠬᠦᠴᠦᠷᠬᠡᠭ ᠤᠯᠤᠰ ᠤᠨ ᠪᠦᠳᠦᠬᠡᠨ ᠪᠠᠶᠢᠭᠤᠯᠤᠯᠳᠠ ᠶᠢ | ᠠᠬᠢᠭᠤᠯᠬᠤ ᠳᠤ ᠦᠪᠦᠷ ᠮᠤᠩᠭᠤᠯ ᠤᠨ ᠬᠦᠴᠦᠨ ᠢᠶᠠᠨ ᠨᠠᠮᠡᠷᠢᠯᠡᠬᠦ ᠭᠡᠷᠡᠭᠳᠡᠢ ᠭᠡᠵᠤ ᠱᠠᠭᠠᠷᠳᠠᠪᠠ᠃ |