ᠪᠦ᠋ ᠰᠢᠶᠤᠤ ᠯᠢᠨ ᠠᠵᠢᠯ ᠠᠴᠠ ᠪᠠᠨ ᠲᠠᠷᠬᠠᠯᠠᠬᠳᠠᠬᠰᠠᠨ ᠠᠬᠠᠮᠠᠳ ᠺᠠᠳ᠋ᠷᠴᠤᠳ ᠪᠠ ᠦᠨᠳᠦᠰᠦᠨ ᠱᠠᠳᠤᠨ ᠎ ᠤ ᠶᠠᠳᠠᠭᠤ ᠬᠦᠴᠢᠷᠳᠡᠯᠳᠡᠢ ᠤᠯᠠᠨ ᠲᠦᠮᠡᠨ ᠢ ᠪᠤᠯᠭᠤᠭᠠᠨ ᠲᠤᠬᠤᠨᠢᠭᠤᠯᠪᠡ
ᠨᠡᠶᠢᠲᠡᠯᠡᠭᠰᠡᠨ ᠴᠠᠭ᠄
2018/2/11
     ᠪᠢᠯᠢᠭ ᠤᠨ ᠤᠯᠠᠷᠢᠯ ᠤᠨ ᠰᠢᠷ᠎ᠠ ᠨᠤᠬᠠᠢ ᠵᠢᠯ ᠤᠨ ᠴᠠᠭᠠᠨ ᠰᠠᠷ᠎ᠠ ᠬᠦᠷᠴᠦ ᠢᠷᠡᠬᠦ ᠠᠴᠠ ᠡᠮᠦᠨᠡᠭᠡᠨ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠤᠷᠢᠳ ᠬᠤᠵᠢᠳ ᠬᠦᠬᠡᠬᠤᠳᠠ ᠪᠠ ᠤᠯᠠᠭᠠᠨᠴᠠᠪ ᠬᠤᠳᠠ ᠳᠤ ᠬᠦᠷᠴᠤ᠂ ᠠᠵᠢᠯ ᠠᠴᠠ ᠪᠠᠨ ᠲᠠᠷᠬᠠᠯᠠᠬᠳᠠᠬᠰᠠᠨ ᠠᠬᠠᠮᠠᠳ ᠺᠠᠳ᠋ᠷᠴᠤᠳ ᠪᠠ ᠦᠨᠳᠦᠰᠦᠨ ᠱᠠᠳᠤᠨ ᠤ ᠶᠠᠳᠠᠭᠤ ᠬᠦᠴᠢᠷᠳᠡᠯᠳᠡᠢ ᠤᠯᠠᠨ ᠲᠦᠮᠡᠨ ᠢ ᠪᠤᠯᠭᠤᠭᠠᠨ ᠲᠤᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠲᠡᠪᠰᠢᠭᠦᠯᠪᠡ᠃      ᠪᠦ᠋ ᠰᠢᠶᠤᠤ ᠯᠢᠨ ᠤᠷᠢᠳ ᠬᠤᠵᠢᠳ ᠵᠢᠩᠬᠢᠨᠢ ᠮᠤᠵᠢ ᠶᠢᠨ ᠲᠡᠰ ᠤᠨ ᠡᠮ ᠡᠮᠨᠡᠯᠭᠡ ᠶᠢᠨ ᠬᠠᠷᠠᠭᠠᠯᠵᠠᠯ ᠬᠦᠷᠳᠡᠵᠤ ᠪᠠᠶᠢᠭ᠎ᠠ ᠠᠵᠢᠯ ᠠᠴᠠ ᠪᠠᠨ ᠲᠠᠷᠬᠠᠯᠠᠬᠳᠠᠬᠰᠠᠨ ᠠᠬᠠᠮᠠᠳ ᠺᠠᠳ᠋ᠷ ᠾᠧ ᠶᠤᠤ ᠪᠤᠯᠤᠨ ᠤᠯᠠᠭᠠᠨᠴᠠᠪ ᠬᠤᠳᠠ ᠶᠢᠨ ᠵᠦᠸᠧᠽᠢ ᠰᠢᠶᠠᠨ ᠤ ᠠᠵᠢᠯ ᠠᠴᠠ ᠪᠠᠨ ᠲᠠᠷᠬᠠᠯᠠᠬᠳᠠᠬᠰᠠᠨ ᠠᠬᠠᠮᠠᠳ ᠺᠠᠳ᠋ᠷ ᠡᠦ ᠯᠢᠶᠠᠩ ᠼᠦᠨ ᠤ ᠬᠡᠷ ᠲᠤ ᠬᠦᠷᠴᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠢ ᠲᠦᠯᠦᠭᠡᠯᠡᠨ ᠲᠡᠳᠡᠨ ᠳᠤ ᠰᠢᠨ᠎ᠠ ᠶᠢᠨ ᠮᠡᠨᠳᠤ ᠬᠦᠷᠬᠡᠨ ᠪᠡᠶ᠎ᠠ ᠮᠠᠬᠠᠪᠤᠳ ᠪᠠ ᠠᠮᠢᠳᠤᠷᠠᠯ ᠤᠨ ᠪᠠᠶᠢᠳᠠᠯ ᠢ ᠨᠢ ᠠᠰᠠᠭᠤᠨ ᠯᠠᠪᠯᠠᠪᠠ᠃ ᠬᠤᠶᠠᠷ ᠠᠬᠠᠮᠠᠳ ᠨᠦᠬᠦᠷ ᠬᠡᠳᠦ᠋ᠢᠪᠡᠷ ᠶᠠᠷᠠ ᠶᠢᠨ ᠳᠠᠪᠠᠭ᠎ᠠ ᠶᠢ ᠲᠠᠪᠠᠵᠣ ᠪᠠᠶᠢᠭ᠎ᠠ ᠪᠣᠯᠪᠠᠴᠤ ᠪᠡᠶ᠎ᠠ ᠮᠠᠬᠠᠪᠤᠳ ᠡᠷᠡᠭᠦᠯ ᠲᠡᠩᠬᠡᠯᠡᠭᠦᠨ᠂ ᠴᠤᠭ ᠵᠤᠯᠢ ᠪᠠᠳᠠᠷᠠᠩᠭᠤᠢ ᠪᠠᠶᠢᠬᠤ ᠶᠢ ᠬᠠᠷᠠᠭᠠᠳ ᠪᠦ᠋ ᠰᠢᠶᠤᠤ ᠯᠢᠨ ᠲᠦᠢᠯ ᠢᠶᠠᠷ ᠪᠠᠶᠠᠷᠯᠠᠪᠠ᠃ ᠲᠡᠷᠡ᠂ ᠠᠬᠠᠮᠠᠳ ᠨᠦᠬᠦᠳ ᠪᠤᠯ ᠦᠪᠡᠷᠳᠡᠭᠡᠨ ᠵᠠᠰᠠᠬᠤ ᠤᠷᠤᠨ ᠤ ᠬᠤᠪᠣᠷ ᠨᠠᠨᠳᠢᠨ ᠦᠪ ᠬᠦᠷᠦᠩᠭᠡ ᠪᠤᠯᠣᠨ᠎ᠠ᠂ ᠦᠪᠦᠷ ᠮᠤᠩᠭᠤᠯ ᠤᠨ ᠦᠨᠦᠳᠦᠷ ᠤᠨ ᠠᠮᠵᠢᠯᠳᠡ ᠪᠦᠳᠦᠮᠵᠢ ᠠᠬᠠᠮᠠᠳ ᠨᠦᠬᠦᠳ ᠤᠨ ᠰᠢᠷᠭᠠᠭᠤ ᠴᠢᠷᠮᠠᠶᠢᠯᠭ᠎ᠠ ᠠᠴᠠ ᠰᠠᠯᠵᠤ ᠴᠢᠳᠠᠰᠢ ᠦᠭᠡᠢ ᠶᠤᠮ ᠭᠡᠪᠡ᠃ ᠪᠦ᠋ ᠰᠢᠶᠤᠤ ᠯᠢᠨ ᠬᠠᠮᠳᠤ ᠶᠠᠪᠤᠬᠰᠠᠳ ᠢᠶᠠᠨ ᠨᠠᠮ ᠤᠨ ᠠᠬᠠᠮᠠᠳ ᠺᠠᠳ᠋ᠷᠴᠤᠳ ᠤᠨ ᠲᠤᠬᠠᠢ ᠲᠦᠷᠦ ᠶᠢᠨ ᠪᠤᠳᠤᠯᠭ᠎ᠠ ᠶᠢ ᠰᠠᠶᠢᠳᠤᠷ ᠨᠡᠶᠢᠳᠡᠪᠦᠷᠢᠵᠢᠭᠤᠯᠵᠤ᠂ ᠠᠬᠠᠮᠠᠳ ᠨᠦᠬᠦᠳ ᠤᠨ ᠠᠮᠢᠳᠤᠷᠠᠯ ᠢ ᠰᠠᠶᠢᠳᠤᠷ ᠬᠠᠷᠠᠭᠠᠯᠵᠠᠨ᠂ ᠲᠡᠳᠡᠨ ᠤ ᠦᠳᠡᠯᠦᠭᠡ ᠨᠠᠰᠤ ᠪᠠᠨ ᠰᠠᠶᠢᠬᠠᠨ ᠥᠩᠭᠡᠷᠡᠭᠦᠯᠬᠦ ᠶᠢ ᠪᠠᠳᠤᠯᠠᠬᠤ ᠬᠡᠷᠡᠭᠳᠡᠢ ᠬᠡᠵᠤ ᠵᠠᠬᠢᠪᠠ᠃      ᠪᠦ᠋ ᠰᠢᠶᠤᠤ ᠯᠢᠨ ᠶᠠᠳᠠᠭᠤ ᠬᠦᠴᠢᠷᠳᠡᠯᠳᠡᠢ ᠤᠯᠠᠨ ᠲᠦᠮᠡᠨ ᠤ ᠠᠮᠢᠳᠤᠷᠠᠯ ᠳᠤ ᠲᠦᠢᠯ ᠢᠶᠠᠷ ᠰᠠᠨᠠᠭᠠᠰᠢᠷᠠᠨ᠎ᠠ᠃ ᠲᠡᠷᠡ ᠴᠠᠬᠠᠷ ᠪᠠᠷᠠᠭᠤᠨ ᠭᠠᠷᠤᠨ ᠡᠮᠦᠨᠡᠳᠦ ᠬᠤᠰᠢᠭᠤᠨ ᠤ ᠪᠠᠶᠠᠨᠳᠠᠯ᠎ᠠ ᠪᠠᠯᠭᠠᠰᠦ ᠶᠢᠨ ᠰᠢᠤᠸᠠᠢ ᠲᠦ᠋ ᠲᠤᠰᠬᠤᠨ ᠤ ᠲᠠᠩᠰᠠᠯᠠᠨ ᠺᠠᠷᠳ᠋ᠯᠠᠬᠰᠠᠨ ᠶᠠᠳᠠᠭᠤ ᠬᠦᠴᠢᠷᠳᠡᠯᠳᠡᠢ ᠡᠷᠦᠭᠡ ᠬᠦᠸᠧ ᠱᠸᠤ ᠢ ᠪᠤᠯᠤᠨ ᠨᠠᠨ ᠳ᠋ᠢᠶᠠᠨ ᠲᠤᠰᠬᠤᠨ ᠤ ᠲᠠᠩᠰᠠᠯᠠᠨ ᠺᠠᠷᠷᠳ᠋ᠯᠠᠬᠰᠠᠨ ᠶᠠᠳᠠᠭᠤ ᠬᠦᠴᠢᠷᠳᠡᠯᠳᠡᠢ ᠡᠷᠦᠭᠡ ᠬᠤᠸᠠᠩ ᠯᠢᠶᠠᠨ ᠰᠢᠶᠠᠩ ᠤᠨ ᠬᠡᠷ ᠲᠤ ᠬᠦᠷᠴᠤ᠂ ᠲᠡᠳᠡᠨ ᠤ ᠤᠷᠤᠨ ᠰᠠᠭᠤᠴᠠ᠂ ᠠᠮᠢᠳᠤᠷᠠᠯ ᠤᠨ ᠲᠦᠭᠦᠭᠡᠷᠦᠮᠵᠢ ᠶᠢᠨ ᠪᠠᠶᠢᠳᠠᠯ ᠢ ᠨᠢ ᠨᠠᠷᠢᠨ ᠪᠠᠶᠢᠴᠠᠭᠠᠨ ᠦᠵᠡᠵᠤ᠂ ᠡᠮ ᠡᠮᠨᠡᠯᠭᠡ᠂ ᠰᠤᠷᠭᠠᠨ ᠬᠦᠮᠦᠵᠢᠯ᠂ ᠤᠷᠤᠯᠭ᠎ᠠ ᠵᠢᠴᠢ ᠠᠷᠠᠳ ᠲᠤ ᠠᠰᠢᠭ ᠬᠦᠷᠳᠡᠭᠡᠭᠦ ᠲᠦᠷᠦ ᠶᠢᠨ ᠪᠤᠳᠤᠯᠭ᠎ᠠ ᠶᠢ ᠨᠡᠶᠢᠳᠡᠪᠦᠷᠢᠵᠢᠭᠤᠯᠤᠬᠰᠠᠨ ᠵᠡᠷᠭᠡ ᠪᠠᠶᠢᠳᠠᠯ ᠢ ᠠᠰᠠᠭᠤᠨ ᠯᠠᠪᠯᠠᠵᠤ᠂ ᠲᠡᠳᠡᠨ ᠲᠠᠢ ᠬᠠᠮᠳᠤ ᠤᠷᠤᠯᠭ᠎ᠠ ᠵᠠᠷᠤᠯᠭ᠎ᠠ ᠶᠢᠨ ᠨᠠᠷᠢᠨ ᠲᠠᠩᠰᠠ ᠪᠤᠳᠤᠵᠤ᠂ ᠶᠠᠳᠠᠭᠤ ᠠᠴᠠ ᠠᠩᠬᠢᠵᠢᠷᠠᠬᠤ ᠠᠷᠭ᠎ᠠ ᠪᠤᠳᠤᠯᠭ᠎ᠠ ᠶᠢ ᠰᠦᠪᠡᠭᠴᠢᠯᠡᠵᠡᠢ᠃      ᠵᠦᠸᠧᠽᠢ ᠰᠢᠶᠠᠨ ᠤ ᠪᠠᠶᠠᠨᠰᠢᠯᠢ ᠪᠠᠯᠭᠠᠰᠦ ᠶᠢᠨ ᠪᠠᠨᠳᠧᠩ ᠭᠤᠤ ᠲᠤᠰᠬᠤᠨ ᠤ ᠰᠢ ᠸᠠᠨ ᠽᠢ ᠠᠶᠢᠯ ᠳᠤ᠂ ᠪᠦ᠋ ᠰᠢᠶᠤᠤ ᠯᠢᠨ ᠠᠰᠠᠷᠠᠨ ᠬᠠᠷᠠᠭᠠᠯᠵᠠᠬᠤ ᠡᠳᠡᠭᠡᠳ ᠵᠤᠤ ᠭᠧᠨ ᠸᠧᠢ ᠶᠢᠨ ᠬᠡᠷ ᠲᠤ ᠬᠦᠷᠴᠦ᠂ ᠲᠡᠳᠡᠨᠠᠶᠢᠬᠢᠨ ᠲᠠᠢ ᠲᠤᠳᠤᠨᠤ ᠪᠠᠷ ᠶᠠᠷᠢᠯᠴᠠᠪᠠ᠃ ᠲᠡᠳᠡᠨᠠᠶᠢᠬᠢᠨ ᠪᠤᠯ ᠶᠠᠳᠠᠭᠤ ᠶᠢ ᠲᠡᠳᠭᠦᠵᠦ ᠤᠨᠳᠤᠤ ᠭᠠᠵᠠᠷ ᠲᠤ ᠨᠡᠭᠦᠯᠭᠡᠭᠰᠡᠨ ᠡᠷᠦᠭᠡ ᠶᠢ ᠲᠠᠭᠠᠨ ᠨᠡᠭᠦᠭᠰᠡᠨ ᠡᠷᠦᠭᠡ ᠪᠠᠶᠢᠵᠤ᠂ ᠪᠠᠯᠭᠠᠰᠤᠨ ᠠᠴᠠ ᠨᠢ ᠨᠢᠭᠡᠨᠳᠡ ᠨᠡᠭᠦᠳᠡᠯ ᠠᠷᠠᠳ ᠤᠨ ᠤᠷᠤᠨ ᠰᠠᠭᠤᠴᠠ ᠬᠤᠪᠢᠶᠠᠨ ᠦᠭᠭᠦᠭᠰᠡᠨ ᠢ ᠮᠡᠳᠡᠭᠡᠳ ᠪᠦ᠋ ᠰᠢᠶᠤᠤ ᠯᠢᠨ ᠲᠦᠢᠯ ᠢᠶᠠᠷ ᠪᠠᠶᠠᠷᠯᠠᠪᠠ᠃ ᠪᠦ᠋ ᠰᠢᠶᠤᠤ ᠯᠢᠨ᠂ ᠶᠠᠳᠠᠭᠤ ᠬᠦᠴᠢᠷᠳᠡᠯᠳᠡᠢ ᠬᠦᠮᠦᠨ ᠠᠮᠠ ᠪᠠ ᠶᠠᠳᠠᠭᠤ ᠬᠦᠴᠢᠷᠳᠡᠯᠳᠡᠢ ᠭᠠᠵᠠᠷ ᠤᠷᠤᠨ ᠢ ᠪᠦᠬᠦ ᠤᠯᠤᠰ ᠲᠠᠢ ᠬᠠᠮᠳᠤᠪᠡᠷ ᠪᠦᠬᠦ ᠲᠠᠯ᠎ᠠ ᠶᠢᠨ ᠴᠢᠨᠡᠭᠡᠯᠢᠭ ᠨᠡᠶᠢᠭᠡᠮ ᠳᠤ ᠤᠷᠤᠭᠤᠯᠬᠤ ᠪᠤᠯ ᠮᠠᠨ ᠤ ᠨᠠᠮ ᠤᠨ ᠲᠦᠪ ᠴᠢᠩᠭ᠎ᠠ ᠠᠮᠠᠯᠠᠯᠳᠠ ᠮᠦᠨ᠃ ᠡᠯ᠎ᠠ ᠭᠠᠵᠠᠷ ᠣᠷᠣᠨ ᠤ ᠬᠢᠨ ᠤᠨᠴᠠᠭᠠᠢ ᠶᠠᠳᠠᠭᠤ ᠬᠦᠴᠢᠷᠳᠡᠯᠳᠡᠢ ᠤᠯᠠᠨ ᠲᠦᠮᠡᠨ ᠢ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠭᠦᠬᠦ᠂ ᠶᠠᠳᠠᠭᠤ ᠬᠦᠴᠢᠷᠳᠡᠯᠳᠡᠢ ᠤᠯᠠᠨ ᠲᠦᠮᠡᠨ ᠢ ᠦᠢᠯᠡᠳᠪᠦᠷᠢᠯᠡᠯ ᠢᠶᠠᠨ ᠬᠦᠭᠵᠢᠭᠦᠯᠭᠦ ᠦᠨᠳᠦᠰᠦᠨ ᠮᠡᠷᠭᠡᠵᠢᠯ ᠴᠢᠳᠠᠪᠤᠷᠢ ᠲᠠᠢ ᠪᠣᠯᠭᠠᠨ ᠬᠦᠮᠦᠵᠢᠭᠦᠯᠬᠦ ᠶᠢ ᠠᠩᠬᠠᠷᠣᠨ ᠴᠢᠬᠤᠯᠠᠴᠢᠯᠠᠵᠤ᠂ ᠨᠡᠩ ᠤᠯᠠᠨ ᠲᠠᠭᠠᠭᠤᠯᠤᠬᠴᠢ ᠠᠵᠤ ᠠᠬᠤᠢᠢᠯᠠᠯ ᠪᠠ ᠨᠡᠷᠡᠳᠦ ᠲᠦᠷᠦᠯ ᠲᠡᠮᠳᠡᠭ ᠢ ᠪᠤᠶᠢᠵᠢᠭᠤᠯᠤᠨ ᠶᠠᠳᠠᠭᠤ ᠬᠦᠴᠢᠷᠳᠡᠯᠳᠡᠢ ᠭᠠᠵᠠᠷ ᠤᠷᠤᠨ ᠪᠠ ᠶᠠᠳᠠᠭᠤ ᠬᠦᠴᠢᠷᠳᠡᠯᠳᠡᠢ ᠤᠯᠠᠨ ᠲᠦᠮᠡᠨ ᠤ ᠶᠠᠳᠠᠭᠤ ᠠᠴᠠ ᠠᠩᠬᠢᠵᠢᠷᠠᠵᠤ ᠪᠠᠶᠠᠵᠢᠨ ᠴᠢᠨᠡᠭᠡᠯᠢᠭᠵᠢᠭᠦ ᠲᠤᠳᠤᠭᠠᠳᠦ ᠬᠦᠳᠡᠯᠭᠡᠭᠦ ᠬᠦᠴᠦᠨ ᠢ ᠬᠦᠭᠵᠢᠭᠡᠭᠦ ᠬᠡᠷᠡᠭᠳᠡᠢ ᠬᠡᠪᠡ᠃      ᠦᠪᠡᠷᠳᠡᠭᠡᠨ ᠵᠠᠰᠠᠬᠤ ᠤᠷᠤᠨ ᠤ ᠬᠤᠯᠪᠣᠭᠳᠠᠯ ᠪᠦᠬᠦᠢ ᠰᠠᠯᠠᠭ᠎ᠠ ᠮᠦᠴᠢᠷ ᠵᠢᠴᠢ ᠤᠯᠠᠭᠠᠨᠴᠠᠪ ᠬᠤᠳᠠ ᠶᠢᠨ ᠬᠠᠷᠢᠭᠤᠴᠠᠯᠭᠠᠳᠠᠨ ᠨᠦᠬᠦᠳ ᠲᠤᠬᠤᠨᠢᠭᠤᠯᠬᠤ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号