2017 ᠣᠨ ᠤ ᠥᠪᠥᠷ ᠮᠣᠩᠭᠤᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠦᠷᠲᠡᠭ ᠠᠳᠠᠯᠢ ᠬᠤᠭᠤᠴᠠᠭᠠᠨ ᠤ ᠬᠢ ᠠᠴᠠ 22.8% ᠨᠡᠮᠡᠭᠳᠡᠪᠡ
ᠨᠡᠶᠢᠲᠡᠯᠡᠭᠰᠡᠨ ᠴᠠᠭ᠄
2018-02-12
      2017 ᠣᠨ ᠳᠤ᠂ ᠪᠦᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠨᠡᠯᠢᠶᠡᠳ ᠲᠦᠷᠭᠡᠨ ᠨᠡᠮᠡᠭᠳᠡᠯ ᠢ ᠪᠡᠶᠡᠯᠡᠭᠦᠯᠵᠦ᠂ ᠭᠠᠳᠠᠭᠠᠳᠤ ᠠᠷᠠᠯᠵᠢᠶ᠎ᠠ ᠶᠢᠨ ᠳᠠᠬᠢᠨ ᠲᠣᠭᠲᠠᠭᠤᠨ ᠪᠤᠯᠵᠤ ᠰᠠᠶᠢᠵᠢᠷᠠᠬᠤ ᠰᠠᠭᠤᠷᠢ ᠲᠠᠰᠤᠷᠠᠯᠳᠠ ᠦᠭᠡᠢ ᠪᠠᠬᠢᠵᠢᠵᠡᠢ᠃ ᠲᠤᠭ᠎ᠠ ᠪᠠᠷᠢᠮᠲᠠ ᠠᠴᠠ ᠦᠵᠡᠪᠡᠯ᠂ 2017 ᠣᠨ ᠳᠤ᠂ ᠪᠦᠬᠦ ᠣᠷᠣᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠦᠷᠲᠡᠭ ᠢ 942.42 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 22.8% ᠨᠡᠮᠡᠭᠳᠡᠵᠦ᠂ ᠡᠭᠦᠨ ᠠᠴᠠ ᠡᠮᠦᠨ᠎ᠡ ᠬᠤᠶᠠᠷ ᠵᠢᠯ ᠳᠠᠷᠠᠭᠠᠯᠠᠨ ᠪᠠᠭᠤᠷᠠᠵᠤ ᠪᠠᠶᠢᠭᠰᠠᠨ ᠪᠠᠶᠢᠳᠠᠯ ᠢ ᠬᠤᠪᠢᠷᠠᠭᠤᠯᠵᠤ᠂ ᠪᠦᠭᠦ ᠤᠯᠤᠰ ᠤᠨ ᠳᠤᠮᠳᠠᠴᠢ ᠨᠡᠮᠡᠭᠳᠡᠯ ᠤᠨ ᠬᠡᠮᠵᠢᠶ᠎ᠡ ᠠᠴᠠ 8.6 ᠵᠠᠭᠤᠨ ᠤ ᠴᠡᠭ ᠥᠨᠳᠥᠷ ᠪᠠᠶᠢᠵᠤ᠂ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠨᠡᠮᠡᠭᠳᠡᠯ ᠤᠨ ᠬᠤᠷᠳᠤᠴᠠ ᠪᠥᠬᠦ ᠤᠯᠤᠰ ᠲᠤ 7 ᠳ᠋ᠤᠭᠠᠷ ᠲᠤ ᠵᠢᠭᠰᠠᠭᠠᠭᠳᠠᠪᠠ᠃ ᠡᠭᠦᠨ ᠳᠤ ᠭᠠᠳᠠᠭᠠᠳᠤ ᠣᠷᠣᠭᠤᠯᠤᠯᠲᠠ ᠨᠡᠶᠢᠲᠡ 607.67 ᠳ᠋ᠦᠩᠰᠢᠭᠤᠷ ᠲᠥᠭᠦᠷᠢᠭ ᠪᠣᠯᠵᠤ᠂ ᠠᠳᠠᠯᠢ ᠬᠤᠭᠤᠴᠠᠭᠠᠨ ᠤ ᠬᠢ ᠠᠴᠠ 27% ᠨᠡᠮᠡᠭᠳᠡᠪᠡ︔ ᠭᠠᠳᠠᠭᠠᠳᠤ ᠭᠠᠷᠭᠠᠯᠲᠠ ᠨᠡᠶᠢᠲᠡ 334.75 ᠳ᠋ᠦᠩᠰᠢᠭᠤᠷ ᠲᠥᠭᠦᠷᠢᠭ ᠪᠣᠯᠵᠤ᠂ ᠠᠳᠠᠯᠢ ᠬᠤᠭᠤᠴᠠᠭᠠᠨ ᠠᠴᠠ 15.8% ᠨᠡᠮᠡᠭᠳᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号