ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ 2018 ᠣᠨ ᠤ 3 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-02-12
     2 ᠳ᠋ᠤᠭᠠᠷ ᠰᠠᠷ᠎ᠠ ᠶᠢᠨ 11᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠪᠡᠷᠳᠡᠭᠡᠨ ᠵᠠᠰᠠᠬᠤ ᠤᠷᠤᠨ ᠤ ᠤᠯᠤᠰ ᠤᠨ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠪᠬᠢᠳᠦ ᠤᠷᠤᠨ ᠳᠤ ᠠᠵᠤ ᠦᠢᠯᠡᠰ ᠤᠨ ᠤᠷᠤᠬᠤ ᠶᠢ ᠵᠦᠪᠰᠢᠶᠡᠷᠡᠭᠦ ᠨᠠᠵᠠᠭᠠᠢ ᠲᠠᠯ᠎ᠠ ᠶᠢᠨ ᠨᠠᠷᠢᠨ ᠲᠠᠩᠰᠠ᠂ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠲᠦᠷᠭᠡᠳᠭᠡᠨ ᠪᠠᠶᠢᠭᠤᠯᠵᠤ ᠰᠢᠨ᠎ᠠ ᠬᠡᠯᠪᠡᠷᠢ ᠶᠢᠨ ᠮᠠᠯ ᠠᠵᠤ ᠠᠬᠤᠢ ᠲᠠᠷᠢᠶᠠᠯᠠᠩ ᠤᠨ ᠡᠵᠡᠩᠨᠡᠯᠳᠡ ᠶᠢᠨ ᠭᠤᠤᠯ ᠴᠤᠬᠴᠠ ᠶᠢ ᠪᠤᠶᠢᠵᠢᠭᠤᠯᠬᠤ ᠬᠡᠷᠡᠭᠵᠢᠭᠦᠯᠭᠦ ᠰᠠᠨᠠᠯ᠂ ᠮᠠᠯᠵᠢᠬᠤ ᠲᠠᠷᠢᠶᠠᠯᠠᠬᠤ ᠤᠷᠤᠨ ᠤ ᠨᠡᠶᠢᠳᠡ ᠶᠢᠨ ᠦᠮᠴᠢᠯᠡᠯ ᠤᠨ ᠡᠷᠭᠡ ᠶᠢᠨ ᠲᠦᠷᠢᠮ ᠤᠨ ᠦᠭᠡᠷᠡᠴᠢᠯᠡᠯᠳᠡ ᠶᠢ ᠯᠠᠪᠳᠠᠭᠤᠨ ᠢᠶᠠᠷ ᠠᠬᠢᠭᠤᠯᠬᠤ ᠬᠡᠷᠡᠭᠵᠢᠭᠦᠯᠭᠦ ᠰᠠᠨᠠᠯ᠂ ︽ᠭᠡᠷᠡᠴᠢ ᠦᠨᠡᠮᠯᠡᠯ ᠢ ᠰᠠᠯᠭᠠᠬᠤ︾ ᠲᠤᠷᠰᠢᠯᠳᠠ ᠶᠢᠨ ᠴᠢᠭ᠋ ᠤᠨ ᠠᠵᠢᠯ ᠢ ᠦᠷᠨᠢᠭᠦᠯᠭᠦ ᠲᠥᠰᠥᠯ ᠵᠡᠷᠭᠡ ᠵᠦᠢᠯᠡᠰ ᠢ ᠰᠤᠳᠤᠯᠵᠠᠢ᠃      ᠬᠤᠷᠠᠯ ᠠᠴᠠ ᠵᠢᠭᠠᠭᠰᠠᠨ ᠨᠢ᠂ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠪᠬᠢᠳᠦ ᠤᠷᠤᠨ ᠳᠤ ᠠᠵᠤ ᠦᠢᠯᠡᠰ ᠤᠨ ᠤᠷᠤᠬᠤ ᠶᠢ ᠵᠦᠪᠰᠢᠶᠡᠷᠡᠭᠦ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ ᠬᠡᠷᠡᠭᠵᠢᠭᠦᠯᠭᠦ ᠪᠣᠯ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠴᠢᠬᠤᠯᠠ ᠠᠭᠤᠯᠭ᠎ᠠ ᠪᠤᠯᠤᠨ᠎ᠠ᠃ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠪᠬᠢᠳᠦ ᠤᠷᠤᠨ ᠳᠤ ᠠᠵᠤ ᠦᠢᠯᠡᠰ ᠤᠨ ᠣᠷᠣᠬᠤ ᠶᠢ ᠵᠦᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ ᠨᠠᠶᠢᠷᠠᠭᠤᠯᠤᠨ ᠵᠤᠬᠢᠶᠠᠬᠤ ᠨᠢ ᠡᠯ᠎ᠠ ᠲᠦᠷᠦᠯ ᠤᠨ ᠨᠡᠭᠡᠭᠡᠨ ᠬᠦᠭᠵᠢᠭᠦᠯᠭᠦ ᠠᠵᠢᠯᠯᠠᠭ᠎ᠠ ᠶᠢ ᠴᠢᠩᠭ᠎ᠠ ᠬᠠᠮᠢᠶᠠᠷᠤᠨ ᠡᠵᠡᠮᠳᠡᠭᠦ᠂ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮᠵᠢ ᠳᠠᠬᠢ ᠬᠠᠷᠰᠢᠯᠠᠯ ᠢ ᠪᠠᠭᠠᠰᠬᠠᠬᠤ᠂ ᠠᠮᠢ ᠠᠬᠤᠢ ᠶᠢᠨ ᠰᠢᠰᠲ᠋ᠧᠮᠵᠢ ᠶᠢᠨ ᠲᠤᠬᠳᠠᠭᠤᠨ ᠴᠢᠨᠠᠷ ᠪᠠ ᠪᠦᠷᠢᠨ ᠪᠦᠳᠦᠨ ᠴᠢᠨᠠᠷ ᠢ ᠬᠠᠮᠠᠭᠠᠯᠠᠬᠤ ᠳᠤ ᠲᠦᠢᠯ ᠤᠨ ᠴᠢᠬᠤᠯᠠ ᠠᠴᠢ ᠬᠤᠯᠪᠤᠬᠳᠠᠯ ᠲᠠᠢ ᠶᠤᠮ᠃ ᠡᠯ᠎ᠠ ᠱᠠᠳᠤᠨ ᠤ ᠡᠯ᠎ᠠ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ ᠴᠢᠩᠭ᠎ᠠ ᠵᠢᠷᠤᠮᠯᠡᠵᠤ᠂ ᠢᠵᠢ ᠪᠦᠷᠢᠳᠦᠭᠦᠯᠦᠭᠰᠡᠨ ᠠᠷᠭ᠎ᠠ ᠬᠡᠮᠵᠢᠶ᠎ᠠ ᠶᠢ ᠲᠤᠬᠳᠠᠭᠠᠨ ᠪᠦᠷᠢᠨᠰᠢᠭᠦᠯᠵᠦ᠂ ᠡᠯ᠎ᠠ ᠲᠦᠷᠦᠯ ᠤᠨ ᠨᠡᠭᠡᠭᠡᠨ ᠬᠦᠭᠵᠢᠭᠦᠯᠭᠦ ᠠᠵᠢᠯᠯᠠᠭ᠎ᠠ ᠳᠠᠬᠢ ᠬᠠᠮᠢᠶᠠᠷᠤᠯᠳᠠ ᠡᠵᠡᠮᠳᠡᠯ ᠢᠶᠠᠨ ᠴᠢᠨᠠᠬᠰᠢᠳᠠ ᠴᠢᠩᠭᠠᠳᠬᠠᠵᠤ᠂ ᠭᠤᠤᠯ ᠴᠤᠬᠴᠠ ᠶᠢᠨ ᠴᠢᠳᠠᠪᠬᠢ ᠶᠢᠨ ᠪᠠᠶᠢᠷᠢ ᠲᠤᠬᠳᠠᠭᠠᠯᠳᠠ ᠲᠠᠢ ᠦᠯᠦ ᠨᠡᠶᠢᠴᠡᠭᠦ ᠲᠦᠷᠦᠯ ᠵᠦᠢᠯ ᠢ ᠬᠡᠷᠡᠭᠵᠢᠭᠦᠯᠭᠦ ᠶᠢ ᠴᠢᠩᠭ᠎ᠠ ᠴᠠᠭᠠᠵᠠᠯᠠᠬᠤ ᠬᠡᠷᠡᠭᠳᠡᠢ᠃ ᠡᠭᠦᠨ ᠤ ᠬᠠᠮᠳᠤ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ ᠬᠡᠷᠡᠭᠵᠢᠭᠦᠯᠦᠭᠰᠡᠨ ᠪᠠᠶᠢᠳᠠᠯ ᠢ ᠴᠢᠨᠠᠬᠰᠢᠳᠠ ᠮᠦᠷᠳᠡᠵᠤ᠂ ᠤᠯᠤᠰ ᠤᠨ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠪᠬᠢᠳᠦ ᠤᠷᠤᠨ ᠢ ᠬᠠᠮᠠᠭᠠᠯᠠᠬᠤ ᠪᠠ ᠰᠡᠷᠭᠦᠭᠡᠬᠦ ᠶᠢ ᠠᠬᠢᠭᠤᠯᠬᠤ ᠬᠡᠷᠡᠭᠳᠡᠢ ᠬᠡᠪᠠ᠃      ᠬᠤᠷᠠᠯ ᠠᠴᠠ ᠵᠢᠭᠠᠭᠰᠠᠨ ᠨᠢ᠂ ᠮᠠᠯ ᠠᠵᠤ ᠠᠬᠤᠢ ᠲᠠᠷᠢᠶᠠᠯᠠᠩ ᠤᠨ ᠰᠢᠨ᠎ᠠ ᠬᠡᠯᠪᠡᠷᠢ ᠶᠢᠨ ᠡᠵᠡᠩᠨᠡᠯᠳᠡ ᠶᠢᠨ ᠭᠤᠤᠯ ᠴᠤᠬᠴᠠ ᠶᠢ ᠲᠦᠷᠭᠡᠳᠭᠡᠨ ᠪᠤᠶᠢᠵᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠨᠡᠶᠢᠳᠡ ᠶᠢᠨ ᠦᠮᠴᠢᠯᠡᠯ ᠤᠨ ᠡᠷᠭᠡ ᠶᠢᠨ ᠲᠦᠷᠢᠮ ᠤᠨ ᠦᠭᠡᠷᠡᠴᠢᠯᠡᠯᠳᠡ ᠶᠢ ᠯᠠᠪᠳᠠᠭᠤᠨ ᠢᠶᠠᠷ ᠠᠬᠢᠭᠤᠯᠬᠤ ᠪᠤᠯ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ ᠶᠢᠨ ᠴᠢᠬᠤᠯᠠ ᠠᠭᠤᠯᠭ᠎ᠠ ᠪᠣᠯᠣᠨ᠎ᠠ᠂ ᠳᠡᠷᠡ ᠨᠢ ᠦᠷᠭᠡᠨ ᠤᠯᠠᠨ ᠮᠠᠯᠴᠢᠨ ᠲᠠᠷᠢᠶᠠᠴᠢᠨ ᠤ ᠦᠨᠳᠦᠰᠦᠨ ᠠᠰᠢᠭ ᠲᠤᠰᠠ ᠲᠠᠢ ᠬᠤᠯᠪᠤᠬᠳᠠᠵᠤ᠂ ᠮᠠᠯᠵᠢᠬᠤ ᠲᠠᠷᠢᠶᠠᠯᠠᠬᠤ ᠤᠷᠤᠨ ᠤ ᠤᠷᠳᠤ ᠬᠤᠭᠤᠴᠠᠭᠠᠨ ᠤ ᠬᠦᠭᠵᠢᠯᠳᠡ ᠲᠠᠢ ᠬᠤᠯᠪᠤᠬᠳᠠᠨ᠎ᠠ᠃ ᠡᠯ᠎ᠠ ᠭᠠᠵᠠᠷ ᠤᠷᠤᠨ ᠡᠯ᠎ᠠ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠢᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠲᠠᠶᠢᠯᠤᠮᠵᠢ ᠪᠠᠨ ᠴᠢᠩᠭᠠᠳᠬᠠᠨ᠂ ᠦᠷ᠎ᠠ ᠠᠰᠢᠭ ᠠᠮᠵᠢᠯᠳᠠ ᠪᠦᠳᠦᠮᠵᠢ ᠶᠢ ᠦᠨᠡᠯᠡᠭᠦ ᠬᠢᠨᠠᠯᠳᠠ ᠲᠠᠯᠪᠢᠬᠤ ᠰᠢᠨᠵᠢᠯᠡᠭᠦ ᠤᠬᠠᠭᠠᠨᠴᠢ ᠲᠤᠬᠳᠠᠴᠠ ᠶᠢ ᠰᠤᠳᠤᠯᠤᠨ ᠪᠠᠶᠢᠭᠤᠯᠵᠤ᠂ ᠲᠦᠷᠦ ᠶᠢᠨ ᠪᠤᠳᠤᠯᠭ᠎ᠠ ᠶᠢᠨ ᠪᠤᠳᠠᠳᠠᠢ ᠳᠤ ᠨᠡᠶᠢᠳᠡᠪᠦᠷᠢᠵᠢᠬᠳᠠᠨ ᠦᠷ᠎ᠠ ᠪᠦᠳᠦᠮᠵᠢ ᠭᠠᠷᠬᠤ ᠶᠢ ᠪᠠᠳᠤᠯᠠᠬᠤ ᠬᠡᠷᠡᠭᠳᠡᠢ ᠬᠡᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ︽ᠬᠡᠷᠡᠴᠢ ᠦᠨᠡᠮᠯᠡᠯ ᠢ ᠰᠠᠯᠭᠠᠬᠤ︾ ᠲᠤᠷᠰᠢᠯᠳᠠ ᠶᠢᠨ ᠠᠵᠢᠯ ᠢ ᠦᠷᠨᠢᠭᠦᠯᠭᠦ ᠨᠢ ᠠᠵᠤ ᠠᠬᠤᠢᠢᠯᠠᠯ ᠤᠨ ᠰᠢᠨ᠎ᠠ ᠶᠢ ᠡᠭᠦᠳᠴᠤ ᠠᠳᠠᠯ ᠦᠢᠯᠡᠰ ᠴᠤᠭᠴᠠᠯᠠᠬᠤ ᠠᠮᠢᠵᠢᠷᠠᠯ ᠤᠨ ᠬᠦᠴᠦᠨ ᠎ ᠢ ᠬᠦᠭᠵᠢᠭᠡᠵᠤ᠂ ᠠᠷᠠᠯᠵᠢᠶ᠎ᠠ ᠡᠵᠡᠩᠨᠡᠭᠦ ᠤᠷᠴᠢᠨ ᠲᠤᠭᠤᠷᠢᠨ ᠤ ᠬᠠᠤᠯᠢᠵᠢᠯᠳᠠ᠂ ᠲᠡᠯᠡᠭᠡᠶᠢᠵᠢᠯᠳᠡ ᠪᠠ ᠲᠦᠭᠦᠮᠴᠢᠯᠡᠯᠳᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠠ ᠪᠤᠯᠤᠨ᠎ᠠ᠃ ᠡᠯ᠎ᠠ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠦᠨᠳᠦᠰᠦᠨ ᠱᠠᠳᠤᠨ ᠤ ᠠᠩᠬ᠎ᠠ ᠡᠭᠦᠳᠦᠨ ᠪᠦᠳᠦᠭᠡᠭᠦ ᠵᠤᠷᠢᠭ ᠰᠠᠨᠠᠭ᠎ᠠ ᠶᠢ ᠴᠢᠬᠤᠯᠠᠴᠢᠯᠠᠨ ᠪᠠᠳᠠᠷᠠᠭᠤᠯᠵᠤ᠂ ᠤᠷᠤᠨ ᠨᠤᠳᠤᠭ ᠪᠠ ᠦᠨᠳᠦᠰᠦᠨ ᠱᠠᠳᠤᠨ ᠤ ᠵᠤᠷᠢᠬᠳᠠᠢ ᠪᠠᠷ ᠰᠦᠪᠡᠭᠴᠢᠯᠡᠵᠤ ᠤᠷᠢᠳᠠᠪᠡᠷ ᠬᠡᠷᠡᠭᠵᠢᠭᠦᠯᠦᠨ ᠤᠷᠢᠳᠠᠪᠡᠷ ᠲᠤᠷᠰᠢᠬᠤ ᠶᠢ ᠨᠢ ᠵᠣᠷᠢᠭᠵᠢᠭᠤᠯᠣᠨ ᠲᠡᠮᠵᠢᠵᠤ᠂ ︽ᠡᠵᠡᠩᠨᠡᠯᠳᠡ ᠶᠢᠨ ᠦᠨᠡᠮᠯᠡᠯ ᠢ ᠬᠦᠢᠴᠡᠳᠬᠡᠬᠦ ᠳᠤ ᠠᠮᠠᠷ ᠡᠵᠡᠩᠨᠡᠭᠦ ᠶᠢᠨ ᠵᠦᠪᠰᠢᠶᠡᠷᠡᠯ ᠤᠨ ᠬᠡᠷᠡᠴᠢ ᠶᠢ ᠬᠦᠢᠴᠡᠳᠬᠡᠬᠦ ᠳᠤ ᠬᠦᠴᠢᠷ︾᠂ ︽ᠤᠷᠤᠬᠤ ᠶᠢ ᠵᠦᠪᠰᠢᠶᠡᠷᠡᠭᠰᠡᠨ ᠴᠦ ᠡᠵᠡᠩᠨᠡᠭᠦ ᠶᠢ ᠦᠯᠦ ᠵᠦᠪᠰᠢᠶᠡᠷᠡᠭᠦ︾ ᠵᠡᠷᠭᠡ ᠠᠰᠠᠭᠤᠳᠠᠯ ᠢ ᠴᠢᠨᠠᠬᠰᠢᠳᠠ ᠰᠠᠶᠢᠳᠤᠷ ᠰᠢᠢᠳᠪᠦᠷᠢᠯᠡᠭᠦ ᠬᠡᠷᠡᠭᠳᠡᠢ ᠬᠡᠵᠠᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号