ᠦᠬᠠᠢ ᠬᠤᠲᠠ ᠶᠢᠨ 16 ᠲᠦᠮᠡᠨ ᠬᠦᠮᠦᠨ ᠭᠡᠷ ᠪᠦᠯᠢ ᠶᠢᠨ ᠡᠮᠴᠢ ᠲᠠᠢ ᠭᠡᠷ᠎ᠡ ᠲᠤᠭᠲᠠᠪᠠ
ᠨᠡᠶᠢᠲᠡᠯᠡᠭᠰᠡᠨ ᠴᠠᠭ᠄
2018/2/12
     ᠤᠶᠢᠷ᠎ᠠ ᠶᠢᠨ ᠵᠢᠯ ᠠᠴᠠ᠂ ᠦᠬᠠᠢ ᠬᠤᠲᠠ ᠭᠤᠤᠯᠳᠠᠯᠭᠠᠲᠤ ᠡᠮᠴᠢᠯᠡᠭᠡᠨ ᠤ ᠦᠢᠯᠡᠴᠢᠯᠡᠭᠡ ᠬᠦᠷᠳᠡᠬᠦ ᠤᠯᠠᠨ ᠲᠦᠮᠡᠨ ᠳᠤ ᠴᠢᠭᠯᠡᠭᠦᠯᠦᠨ᠂ ᠭᠡᠷ ᠪᠦᠯᠢ ᠶᠢᠨ ᠡᠮᠴᠢ ᠲᠠᠢ ᠭᠡᠷ᠎ᠡ ᠲᠤᠭᠲᠠᠬᠤ ᠦᠪᠡᠷᠮᠢᠴᠡ ᠦᠢᠯᠡᠴᠢᠯᠡᠭᠡ ᠶᠢ ᠰᠠᠨᠠᠭᠠᠴᠢᠯᠠᠵᠤ᠂ ᠡᠮᠴᠢᠯᠡᠭᠡᠨ ᠤ ᠦᠢᠯᠡᠴᠢᠯᠡᠭᠡ ᠨᠢ ᠤᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠪᠠᠷ ᠭᠤᠤᠯ ᠪᠤᠯᠭᠠᠵᠤ ᠪᠠᠶᠢᠭᠰᠠᠨ ᠠᠴᠠ ᠪᠠᠨ ᠦᠪᠡᠷᠮᠢᠴᠡ ᠦᠢᠯᠡᠴᠢᠯᠡᠭᠡ ᠪᠠᠷ ᠭᠤᠤᠯ ᠪᠤᠯᠭᠠᠬᠤ ᠲᠡᠰᠢ ᠬᠤᠪᠢᠷᠠᠵᠤ᠂ ᠨᠠᠰᠤᠳᠠᠶᠢᠴᠤᠳ ᠤᠨ ᠬᠡᠷ ᠲᠤᠨᠢ ᠬᠦᠷᠴᠦ ᠦᠢᠯᠡᠴᠢᠯᠡᠬᠦ ᠬᠡᠷ ᠪᠦᠯᠢ ᠶᠢᠨ ᠦᠢᠯᠡᠴᠢᠯᠡᠭᠡ ᠬᠠᠩᠭᠠᠪᠠ᠃      ᠤᠯᠤᠰ ᠤᠨ ᠡᠮ ᠡᠮᠨᠡᠯᠬᠡ ᠶᠢᠨ ᠦᠭᠡᠷᠡᠴᠢᠯᠡᠯᠲᠡ ᠶᠢᠨ ᠲᠤᠷᠰᠢᠯᠲᠠ ᠶᠢᠨ ᠬᠤᠲᠠ ᠪᠤᠯᠤᠭᠰᠠᠨ ᠤ ᠬᠤᠪᠢ ᠳᠤ᠂ ᠦᠬᠠᠢ ᠬᠤᠲᠠ 2014 ᠤᠨ ᠠᠴᠠ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢ ᠡᠬᠢᠯᠡᠬᠦᠯᠵᠦ᠂ ᠤᠳᠤᠬᠠᠨ ᠪᠤᠯᠲᠠᠯ᠎ᠠ᠂ ᠪᠦᠬᠦ ᠬᠤᠲᠠ ᠳᠤ ᠨᠡᠶᠢᠲᠡ 16 ᠲᠦᠮᠡᠨ ᠬᠦᠮᠦᠨ ᠲᠠᠢ ᠭᠡᠷ᠎ᠡ ᠲᠤᠭᠲᠠᠵᠤ᠂ ᠭᠡᠷ᠎ᠡ ᠲᠤᠭᠲᠠᠭᠰᠠᠨ ᠨᠤᠷᠮ᠎ᠠ 28% ᠳᠤ ᠬᠦᠷᠴᠡᠢ᠂ ᠡᠭᠦᠨ ᠳᠤ᠂ ᠭᠤᠤᠯᠳᠠᠯᠭ᠎ᠠ ᠲᠠᠢ ᠦᠢᠯᠡᠴᠢᠯᠡᠭᠡ ᠬᠦᠷᠳᠡᠬᠦ ᠤᠯᠠᠨ ᠲᠦᠮᠡᠨ 8.5 ᠲᠦᠮᠡ ᠪᠠᠶᠢᠵᠤ᠂ ᠭᠡᠷᠡᠲᠦ ᠦᠢᠯᠡᠴᠢᠯᠡᠭᠡ ᠶᠢᠨ ᠨᠤᠷᠮ᠎ᠠ 65% ᠳᠤ ᠬᠦᠷᠴᠦ᠂ ᠳᠠᠩᠰᠠ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠭᠡᠷᠡᠲᠦ ᠦᠢᠯᠡᠴᠢᠯᠡᠭᠡ ᠶᠢᠨ ᠨᠤᠷᠮ᠎ᠠ 93% ᠳᠤ ᠬᠦᠷᠪᠡ᠃      ᠨᠢᠳᠤᠨᠤᠨ᠂ ᠦᠬᠠᠢ ᠬᠤᠲᠠ ᠪᠦᠬᠦ ᠤᠯᠤᠰ ᠤᠨ ᠡᠮᠨᠡᠬᠦ ᠪᠤᠯᠤᠨ ᠰᠤᠪᠢᠯᠠᠬᠤ ᠶᠢ ᠤᠶᠠᠯᠳᠤᠭᠤᠯᠬᠤ ᠬᠤᠶᠠᠳᠤᠭᠠᠷ ᠪᠦᠯᠦᠭ ᠤᠯᠤᠰ ᠤᠨ ᠳᠡᠰ ᠤᠨ  ᠲᠤᠷᠰᠢᠯᠲᠠ ᠶᠢᠨ ᠬᠤᠲᠠ ᠪᠠᠷ ᠲᠤᠭᠲᠠᠭᠠᠭᠳᠠᠪᠠ᠃ ᠤᠳᠤ᠂ ᠲᠤᠰ ᠬᠤᠲᠠ ᠳᠤ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ︵ᠦᠷᠲᠡᠭᠡ︶᠂ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠵᠢᠴᠢ ᠲᠤᠰᠬᠤᠨ ᠤ ᠡᠷᠡᠭᠦᠯ ᠬᠠᠮᠠᠭᠠᠯᠠᠯ ᠤᠨ ᠥᠷᠥᠭᠡ ᠵᠡᠷᠭᠡ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠨᠡᠶᠢᠲᠡ 17 ᠪᠠᠶᠢᠵᠤ᠂ ᠨᠠᠰᠤᠳᠠᠶᠢᠴᠤᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ᠂ ᠰᠡᠷᠭᠡᠶᠢᠯᠡᠬᠦ ᠲᠠᠷᠢᠯᠭ᠎ᠠ ᠶᠢᠨ ᠦᠢᠯᠡᠴᠢᠯᠡᠭᠡ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠦᠢᠯᠡᠴᠢᠯᠡᠭᠡ ᠵᠢᠴᠢ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠮᠡᠳᠡᠭᠦᠯᠦᠯᠲᠡ ᠵᠢᠴᠢ ᠰᠢᠢᠳᠪᠦᠷᠢᠯᠡᠬᠦ ᠦᠢᠯᠡᠴᠢᠯᠡᠭᠡ ᠵᠡᠷᠭᠡ 12 ᠲᠦᠷᠦᠯ ᠤᠨ 45 ᠵᠦᠢᠯ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠲᠦᠷᠦᠯ ᠵᠦᠢᠯ ᠢ ᠡᠭᠦᠷᠭᠡᠯᠡᠵᠦ ᠪᠤᠢ᠃ ᠳᠠᠷᠠᠭᠠᠴᠢ ᠪᠠᠷ᠂ ᠦᠬᠠᠢ ᠬᠤᠲᠠ ᠬᠡᠷ᠎ᠡ ᠳᠤᠭᠳᠠᠨ ᠦᠢᠯᠡᠴᠢᠯᠡᠬᠦ ᠦᠪᠡᠷᠮᠢᠴᠡ ᠦᠢᠯᠡᠴᠢᠯᠡᠭᠡ ᠶᠢ ᠴᠢᠨᠠᠭᠰᠢᠳᠠ ᠦᠷᠭᠡᠳᠬᠡᠵᠦ᠂ ᠬᠦᠩᠭᠡᠵᠢᠬᠦ ᠪᠦᠰᠡᠭᠦᠢ᠂ ᠬᠡᠦᠬᠡᠳ ᠵᠡᠷᠭᠡ ᠭᠤᠤᠯᠳᠠᠯᠭᠠᠲᠤ ᠤᠯᠠᠨ ᠲᠦᠮᠡᠨ ᠢ ᠪᠦᠬᠦᠨ ᠢ ᠬᠠᠮᠤᠷᠬᠤ ᠪᠠᠷ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号