ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠤᠳᠤᠷᠢᠳᠬᠤ ᠲᠤᠭᠤᠢᠢᠯᠠᠩ ᠤᠨ ᠭᠤᠴᠢᠨ ᠨᠢᠭᠡᠳᠦᠭᠡᠷ ᠤᠳᠠᠭ᠎ᠠ ᠶᠢᠨ ᠬᠤᠷᠠᠯ ᠬᠢᠪᠡ  ᠯᠢ ᠵᠢᠢ ᠾᠧᠩ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2018/2/13
      2 ᠳ᠋ᠤᠭᠠᠷ ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠨᠠᠮ  ᠤᠨ ᠬᠤᠷᠢᠶ᠎ᠠ ᠶᠢᠨ ᠱᠦᠵᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠤᠳᠤᠷᠢᠳᠬᠤ ᠲᠤᠭᠤᠢᠢᠯᠠᠩ ᠤᠨ ᠲᠠᠷᠤᠭ᠎ᠠ ᠯᠢ ᠵᠢᠢ ᠾᠧᠩ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠤᠳᠤᠷᠢᠳᠬᠤ ᠲᠤᠭᠤᠢᠢᠯᠠᠩ ᠤᠨ ᠭᠤᠴᠢᠨ ᠨᠢᠭᠡᠳᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠬᠤ ᠶᠢᠨ ᠬᠠᠮᠳᠣ ᠶᠠᠷᠢᠶ᠎ᠠ ᠲᠠᠯᠪᠢᠪᠠ᠃ ᠲᠡᠷᠡ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠦᠪ ᠤᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠤᠳᠤᠷᠢᠳᠬᠤ ᠲᠤᠭᠤᠢᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠲᠡᠭᠡᠷᠡᠬᠢ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠦᠷᠭᠦᠯᠵᠢᠯᠡᠨ ᠰᠦᠪᠡᠭᠴᠢᠯᠡᠨ ᠦᠷᠭᠦᠯᠵᠢᠯᠡᠨ ᠡᠷᠡᠯᠬᠡᠭᠯᠡᠨ ᠣᠷᠣᠭᠰᠢᠯᠠᠵᠣ᠂ ᠦᠭᠡᠷᠡᠴᠢᠯᠡᠯᠳᠡ ᠶᠢ ᠲᠠᠰᠤᠷᠠᠯᠳᠠ ᠦᠭᠡᠢ ᠬᠦᠨᠵᠡᠭᠡᠶᠢᠷᠡᠭᠦᠯᠦᠨ ᠪᠤᠳᠠᠳᠠᠶᠢᠵᠢᠭᠤᠯᠬᠤ ᠬᠡᠷᠡᠭᠳᠡᠢ ᠬᠡᠵᠤ ᠴᠢᠬᠤᠯᠠᠴᠢᠯᠠᠪᠠ᠃      ᠪᠦ᠋ ᠰᠢᠶᠤᠤ ᠯᠢᠨ᠂ ᠯᠢ ᠵᠢᠶᠠ ᠬᠤᠷᠠᠯ ᠳᠤ ᠤᠷᠤᠯᠴᠠᠵᠠᠢ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠦᠪ ᠤᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠤᠳᠤᠷᠢᠳᠬᠤ ᠲᠤᠭᠤᠢᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠲᠡᠭᠡᠷᠡᠬᠢ ᠴᠢᠬᠤᠯᠠ ᠶᠠᠷᠢᠶ᠎ᠠ ᠳᠤ ᠨᠠᠮ ᠤᠨ ᠲᠦᠪ ᠬᠤᠷᠢᠶ᠎ᠠ ᠶᠢᠨ ᠦᠭᠡᠷᠡᠴᠢᠯᠡᠯᠳᠡ ᠶᠢ ᠡᠴᠤᠰ ᠲᠤᠨᠢ ᠲᠤᠯᠳᠠᠯ᠎ᠠ ᠬᠢᠭᠦ ᠢᠯᠡ ᠲᠤᠳᠤ ᠤᠪᠤᠷ᠂ ᠡᠷᠡᠰ ᠴᠢᠩᠭ᠎ᠠ ᠵᠤᠷᠢᠭ ᠪᠠ ᠡᠷᠡᠰ ᠪᠠᠳᠤ ᠢᠳᠡᠭᠡᠯ ᠢ ᠬᠦᠢᠴᠡᠳ ᠢᠯᠡᠷᠡᠭᠦᠯᠵᠤ᠂ ᠪᠢᠲᠠᠨ ᠤ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠠᠵᠢᠯ ᠢ ᠴᠢᠨᠠᠬᠰᠢᠳᠠ ᠰᠠᠶᠢᠳᠤᠷ ᠬᠢᠭᠦ ᠳᠤ ᠴᠢᠬᠤᠯᠠ ᠵᠢᠷᠤᠮᠯᠠᠯ ᠬᠠᠩᠭᠠᠪᠠ᠂ ᠡᠯ᠎ᠠ ᠱᠠᠳᠤ ᠡᠯ᠎ᠠ ᠰᠠᠯᠠᠭ᠎ᠠ ᠮᠦᠴᠢᠷ ᠪᠤᠳᠠᠳᠠᠢ ᠲᠠᠢ ᠪᠠᠨ ᠤᠶᠠᠯᠳᠤᠭᠤᠯᠦᠨ ᠲᠤᠤᠱᠯᠠᠭᠤᠯᠤᠨ ᠨᠡᠶᠢᠳᠡᠪᠦᠷᠢᠵᠢᠭᠤᠯᠬᠤ ᠠᠵᠢᠯ ᠢ ᠬᠢᠨᠠᠮᠠᠭᠠᠢ ᠰᠠᠶᠢᠳᠤᠷ ᠠᠳᠬᠤᠬᠤ ᠬᠡᠷᠡᠭᠳᠡᠢ᠃ ᠬᠦᠭᠵᠢᠯᠳᠡ ᠶᠢ ᠠᠬᠢᠭᠤᠯᠬᠤ ᠲᠡᠭᠡᠷ᠎ᠠ ᠠᠩᠬᠠᠷᠤᠯ ᠢᠶᠠᠨ ᠲᠦᠪᠯᠡᠷᠡᠭᠦᠯᠦᠨ ᠬᠦᠴᠦᠨ ᠢᠶᠠᠨ ᠲᠦᠪᠯᠡᠷᠡᠭᠦᠯᠵᠤ᠂ ᠵᠠᠬ᠎ᠠ ᠲᠡᠯᠭᠡᠭᠦᠷ ᠤᠨ ᠤᠬᠠᠮᠰᠠᠷ ᠪᠤᠯᠤᠨ ᠨᠡᠭᠡᠭᠡᠯᠳᠡ ᠶᠢᠨ ᠤᠬᠠᠮᠰᠠᠷ ᠴᠢᠩᠭ᠎ᠠ ᠪᠣᠰᠣ᠂ ᠰᠢᠨ᠎ᠠ ᠶᠢ ᠡᠭᠦᠳᠦᠨ ᠠᠳᠠᠯ ᠦᠢᠯᠡᠰ ᠴᠤᠭᠴᠠᠯᠠᠬᠤ ᠬᠠᠯᠠᠭᠤᠨ ᠰᠡᠳᠬᠢᠯᠭᠡ ᠦᠨᠳᠦᠷ ᠪᠣᠰᠣ᠂ ᠵᠤᠷᠢᠬᠳᠠᠢ ᠬᠢᠵᠤ ᠵᠤᠷᠢᠬᠳᠠᠢ ᠲᠤᠷᠰᠢᠬᠤ ᠡᠷᠴᠢ ᠵᠤᠷᠢᠭ ᠬᠦᠢᠴᠡᠳ ᠦᠭᠡᠢ᠂ ᠰᠢᠨ᠎ᠠ ᠬᠡᠷᠡᠭ ᠪᠤᠳᠠᠰ ᠰᠢᠨ᠎ᠠ ᠣᠨᠣᠯᠵᠢᠬᠤᠨ ᠢ ᠬᠦᠯᠢᠶᠡᠨ ᠠᠪᠬᠤ ᠨᠢ ᠣᠳᠠᠭᠠᠨ ᠵᠡᠷᠭᠡ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠦᠭᠡᠷᠡᠴᠢᠯᠡᠯᠳᠡ ᠪᠠᠷ ᠬᠦᠭᠵᠢᠯᠳᠡ ᠶᠢᠨ ᠬᠦᠳᠡᠯᠭᠡᠬᠦ ᠬᠦᠴᠦᠨ ᠪᠠ ᠡᠭᠦᠳᠦᠨ ᠪᠦᠳᠦᠭᠡᠭᠦ ᠠᠮᠢᠵᠢᠷᠠᠯ ᠤᠨ ᠬᠦᠴᠦᠨ ᠢ ᠬᠦᠭᠵᠢᠭᠡᠭᠦ ᠬᠡᠷᠡᠭᠳᠡᠢ᠃ ᠬᠦᠴᠢᠷ ᠢ ᠲᠠᠪᠠᠨ ᠪᠡᠷᠭᠡ ᠶᠢ ᠳᠣᠭᠤᠯᠬᠤ ᠲᠡᠭᠡᠷ᠎ᠠ ᠬᠦᠴᠦ ᠤᠷᠤᠭᠤᠯᠵᠤ᠂ ᠶᠡᠭᠡ ᠲᠠᠯ᠎ᠠ ᠳᠤ ᠬᠤᠯᠪᠤᠬᠳᠠᠬᠤ᠂ ᠰᠢᠪᠳᠤᠯᠬᠤ ᠶᠢ ᠪᠠᠴᠢᠮ ᠱᠠᠭᠠᠷᠳᠠᠵᠤ ᠪᠠᠶᠢᠭ᠎ᠠ ᠨᠢᠭᠡ ᠪᠦᠯᠦᠭ ᠦᠭᠡᠷᠡᠴᠢᠯᠡᠯᠳᠡ ᠶᠢ ᠲᠦᠪᠯᠡᠷᠡᠭᠦᠯᠦᠨ ᠪᠤᠭᠤᠮᠳᠠ ᠰᠢᠪᠳᠤᠯᠬᠤ ᠬᠡᠷᠡᠭᠳᠡᠢ᠃ ᠪᠦᠬᠦᠯᠢ ᠴᠤᠬᠴᠠ ᠪᠠᠷ ᠨᠢ ᠠᠬᠢᠭᠤᠯᠬᠤ ᠲᠡᠯ᠎ᠠ ᠪᠠᠷ ᠵᠣᠬᠢᠴᠠᠩᠭᠤᠢ ᠪᠠᠷ ᠬᠦᠴᠦᠯᠡᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠪᠠᠶᠢᠷᠢᠯᠠᠭᠤᠯᠤᠬᠰᠠᠨ ᠦᠭᠡᠷᠡᠴᠢᠯᠡᠯᠳᠡ ᠶᠢᠨ ᠠᠷᠭ᠎ᠠ ᠬᠡᠮᠵᠢᠶ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠪᠠᠶᠢᠷᠢᠯᠠᠭᠤᠯᠤᠬᠰᠠᠨ ᠦᠭᠡᠷᠡᠴᠢᠯᠡᠯᠳᠡ ᠶᠢᠨ ᠡᠭᠦᠷᠭᠡ ᠶᠢ ᠨᠢᠭᠡᠳᠦᠯᠳᠡᠢ ᠲᠦᠯᠦᠪᠵᠢᠭᠦᠯᠦᠨ ᠠᠬᠢᠭᠤᠯᠵᠤ᠂ ᠦᠭᠡᠷᠡᠴᠢᠯᠡᠯᠳᠡ ᠶᠢᠨ ᠰᠢᠰᠲ᠋ᠧᠮᠳᠦ ᠴᠢᠨᠠᠷ᠂ ᠪᠦᠬᠦᠯᠢ ᠴᠤᠬᠴᠠᠳᠤ ᠴᠢᠨᠠᠷ᠂ ᠵᠣᠬᠢᠴᠠᠩᠭᠤᠢ ᠴᠢᠨᠠᠷ ᠢ ᠴᠢᠩᠭᠠᠷᠠᠭᠤᠯᠬᠤ ᠬᠡᠷᠡᠭᠳᠡᠢ᠃ ᠠᠵᠢᠯ ᠢ ᠪᠤᠳᠠᠳᠠᠢ ᠠᠳᠬᠤᠬᠤ ᠲᠠᠯ᠎ᠠ ᠪᠠᠷ ᠲᠠᠷᠤᠯᠳᠠ ᠦᠭᠭᠦᠨ ᠬᠦᠴᠦᠯᠡᠵᠤ᠂ ᠬᠡᠯᠪᠡᠷᠢᠴᠢ ᠦᠵᠡᠯ ᠢ ᠲᠡᠪᠴᠢᠵᠦ᠂ ᠦᠨᠡᠨᠭᠦ ᠠᠳᠬᠤᠨ ᠪᠤᠳᠠᠳᠠᠢ ᠠᠵᠢᠯᠯᠠᠵᠦ᠂ ᠪᠤᠳᠠᠳᠤ ᠦᠷ᠎ᠠ ᠪᠦᠳᠦᠮᠵᠢ ᠶᠢ ᠡᠷᠬᠢᠮᠯᠡᠬᠦ ᠬᠡᠷᠡᠭᠳᠡᠢ ᠬᠡᠵᠤ ᠵᠢᠭᠠᠵᠤ ᠭᠠᠷᠭᠠᠪᠠ᠃      ᠬᠤᠷᠠᠯ ᠠᠴᠠ ︽ᠦᠪᠡᠷᠳᠡᠭᠡᠨ ᠵᠠᠰᠠᠬᠤ ᠤᠷᠤᠨ ᠠᠴᠠ ᠲᠤᠷᠤᠬᠰᠢᠬᠢ ᠡᠳ᠋ ᠤᠨ ᠵᠠᠰᠠᠭ ᠤᠨ ᠶᠠᠪᠤᠳᠠᠯ ᠤᠨ ᠡᠷᠭᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠦᠭᠡᠷᠡᠴᠢᠯᠡᠯᠳᠡ ᠶᠢ ᠠᠬᠢᠭᠤᠯᠬᠤ ᠲᠤᠬᠠᠢ ᠬᠡᠷᠡᠭᠵᠢᠭᠦᠯᠭᠦ ᠰᠠᠨᠠᠯ︾ ︽ᠮᠠᠯᠵᠢᠬᠤ ᠲᠠᠷᠢᠶᠠᠯᠠᠬᠤ ᠤᠷᠤᠨ ᠤ ᠨᠡᠶᠢᠳᠡ ᠶᠢᠨ ᠦᠮᠴᠢᠯᠡᠯ ᠤᠨ ᠡᠷᠭᠡ ᠶᠢᠨ ᠲᠦᠷᠢᠮ  ᠤᠨ ᠦᠭᠡᠷᠡᠴᠢᠯᠡᠯᠳᠡ ᠶᠢ ᠯᠠᠪᠳᠠᠭᠤᠨ ᠢᠶᠠᠷ ᠠᠬᠢᠭᠤᠯᠬᠤ ᠲᠤᠬᠠᠢ ᠬᠡᠷᠡᠭᠵᠢᠭᠦᠯᠭᠦ ᠰᠠᠨᠠᠯ︾ ︽ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠲᠦᠷᠭᠡᠳᠭᠡᠨ ᠪᠠᠶᠢᠭᠤᠯᠵᠤ ᠰᠢᠨ᠎ᠠ ᠬᠡᠯᠪᠡᠷᠢ ᠶᠢᠨ ᠮᠠᠯ ᠠᠵᠤ ᠠᠬᠤᠢ ᠲᠠᠷᠢᠶᠠᠯᠠᠩ  ᠤᠨ ᠡᠵᠡᠩᠨᠡᠯᠳᠡ ᠶᠢᠨ ᠭᠤᠤᠯ ᠴᠤᠬᠴᠠ ᠶᠢ ᠪᠤᠶᠢᠵᠢᠭᠤᠯᠬᠤ ᠲᠤᠬᠠᠢ ᠬᠡᠷᠡᠭᠵᠢᠭᠦᠯᠭᠦ ᠰᠠᠨᠠᠯ︾ ᠢ ᠬᠢᠨᠠᠨ ᠵᠦᠪᠯᠡᠵᠤ ᠪᠠᠳᠤᠯᠠᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠤᠳᠤᠷᠢᠳᠬᠤ ᠲᠤᠭᠤᠢᠢᠯᠠᠩ ᠤᠨ ᠪᠦᠷᠢᠯᠳᠦᠭᠦᠨ ᠨᠠᠷ ᠬᠤᠷᠠᠯ ᠳᠤ ᠤᠷᠤᠯᠴᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠳᠠᠨ ᠨᠦᠬᠦᠳ ᠬᠤᠷᠠᠯ ᠳᠤ ᠰᠤᠯᠠ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号