ᠯᠢ ᠵᠢᠢ ᠾᠧᠩ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠮᠤᠷ ᠲᠤᠬᠳᠠᠭᠤᠨ ᠢ ᠬᠠᠮᠠᠭᠠᠯᠠᠬᠤ ᠠᠵᠢᠯ ᠢ ᠪᠠᠶᠢᠴᠠᠭᠠᠪᠠ  ᠯᠢ ᠵᠢᠶᠠ ᠪᠠᠶᠢᠴᠠᠭᠠᠬᠤ ᠠᠵᠢᠯᠯᠠᠭ᠎ᠠ ᠳᠤ ᠤᠷᠤᠯᠴᠠᠵᠠᠢ
ᠨᠡᠶᠢᠲᠡᠯᠡᠭᠰᠡᠨ ᠴᠠᠭ᠄
2018/2/14
     2 ᠳ᠋ᠤᠭᠠᠷ ᠰᠠᠷ᠎ᠠ ᠶᠢᠨ 13᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠠᠩᠬᠢ ᠲᠠᠭᠠᠭᠤᠯᠤᠨ ᠴᠠᠭᠠᠨ ᠰᠠᠷ᠎ᠠ ᠶᠢᠨ ᠬᠤᠭᠤᠴᠠᠭᠠᠨ ᠤ ᠠᠮᠤᠷ ᠲᠤᠬᠳᠠᠭᠤᠨ ᠢ ᠬᠠᠮᠠᠭᠠᠯᠠᠬᠤ ᠠᠵᠢᠯ ᠢ ᠪᠠᠶᠢᠴᠠᠭᠠᠵᠤ᠂ ᠨᠢᠭᠡᠳᠦᠭᠡᠷ ᠹᠷᠤᠨᠲ ᠲᠤ ᠠᠵᠢᠯ ᠤᠨ ᠪᠠᠶᠢᠷᠢ ᠪᠠᠨ ᠪᠠᠳᠤ ᠰᠠᠬᠢᠵᠤ ᠪᠠᠶᠢᠭ᠎ᠠ ᠵᠡᠪᠰᠡᠭᠳᠦ ᠴᠠᠬᠳᠠᠭ᠎ᠠ᠂ ᠬᠢᠯᠢ ᠶᠢᠨ ᠬᠠᠮᠠᠭᠠᠯᠠᠯᠳᠠ᠂ ᠭᠠᠯ ᠰᠡᠷᠬᠡᠶᠢᠯᠡᠵᠤ ᠭᠠᠯ ᠤᠨᠳᠠᠷᠠᠭᠠᠬᠤ ᠴᠡᠷᠢᠭ ᠠᠩᠬᠢ ᠶᠢᠨ ᠲᠠᠷᠤᠭ᠎ᠠ ᠪᠠᠶᠢᠯᠳᠤᠬᠴᠢᠳ ᠪᠠ ᠲᠤᠳᠤᠭᠠᠳᠦ ᠶᠢ ᠬᠠᠮᠠᠭᠠᠯᠠᠬᠤ ᠺᠠᠳ᠋ᠷ ᠴᠠᠬᠳᠠᠭ᠎ᠠ ᠨᠠᠷ ᠢ ᠪᠤᠯᠭᠤᠭᠠᠨ ᠲᠤᠬᠤᠨᠢᠭᠤᠯᠪᠠ᠃ ᠲᠡᠷᠡ᠂ ᠡᠯ᠎ᠠ ᠭᠠᠵᠠᠷ ᠣᠷᠣᠨ ᠡᠯ᠎ᠠ ᠰᠠᠯᠠᠭ᠎ᠠ ᠮᠦᠴᠢᠷ ᠠᠮᠤᠷ ᠲᠤᠬᠳᠠᠭᠤᠨ ᠭᠡᠰᠡᠨ ᠡᠨᠡᠭᠦ ᠬᠦᠪᠴᠢ ᠶᠢ ᠴᠢᠩᠭᠠᠯᠠᠵᠤ᠂ ᠲᠡᠭᠡᠳᠦ ᠬᠡᠮᠵᠢᠶ᠎ᠠ ᠪᠠᠷ ᠬᠦᠨᠳᠦᠳᠭᠡᠵᠦ᠂ ᠨᠠᠷᠢᠨ ᠨᠢᠮᠪᠠᠢ ᠪᠠᠶᠢᠷᠢᠯᠠᠭᠤᠯᠵᠤ᠂ ᠬᠠᠷᠢᠭᠤᠴᠠᠯᠭ᠎ᠠ ᠶᠢ ᠪᠤᠳᠠᠳᠠᠶᠢᠵᠢᠭᠤᠯᠦᠨ᠂ ᠦᠨᠳᠦᠰᠦᠳᠡᠨ ᠨᠦᠭᠦᠳ ᠤᠨ ᠤᠯᠠᠨ ᠲᠦᠮᠡᠨ ᠤ ᠠᠮᠤᠷ ᠠᠮᠤᠭᠤᠯᠠᠩ ᠪᠠᠶᠠᠷ ᠪᠠᠶᠠᠰᠬᠤᠯᠠᠩ ᠲᠠᠢ ᠪᠠᠷ ᠴᠠᠭᠠᠨ ᠰᠠᠷ᠎ᠠ ᠪᠠᠨ ᠦᠩᠭᠡᠷᠡᠭᠦᠯᠭᠦ ᠶᠢ ᠪᠠᠳᠤᠯᠬᠠᠤ ᠬᠡᠷᠡᠭᠳᠡᠢ ᠬᠡᠵᠤ ᠱᠠᠭᠠᠷᠳᠠᠪᠠ᠃      ᠯᠢ ᠵᠢᠢ ᠾᠧᠩ ᠡᠩ ᠲᠡᠷᠢᠭᠦᠨ ᠳᠤ ᠵᠡᠪᠰᠡᠭᠳᠦ ᠴᠠᠬᠳᠠᠭ᠎ᠠ ᠶᠢᠨ ᠦᠪᠦᠷ ᠮᠤᠩᠭᠤᠯ ᠤᠨ ᠶᠡᠷᠦᠩᠬᠡᠢ ᠠᠩᠬᠢ ᠶᠢᠨ ᠪᠠᠶᠢᠭᠤᠯᠭ᠎ᠠ ᠳᠤ ᠬᠦᠷᠴᠤ᠂ ᠴᠡᠷᠢᠭ ᠠᠩᠬᠢ ᠶᠢᠨ ᠲᠠᠷᠤᠭ᠎ᠠ ᠪᠠᠶᠢᠯᠳᠤᠬᠴᠢᠳ ᠢ ᠪᠤᠯᠭᠤᠭᠠᠨ ᠲᠤᠬᠤᠨᠢᠭᠤᠯᠪᠠ᠃ ᠦᠪᠦᠷ ᠮᠤᠩᠭᠤᠯ ᠤᠨ ᠲᠤᠳᠤᠭᠠᠳᠦ ᠶᠢ ᠬᠠᠮᠠᠭᠠᠯᠠᠬᠤ ᠬᠢᠯᠢ ᠶᠢᠨ ᠬᠠᠮᠠᠭᠠᠯᠠᠯᠳᠠ ᠶᠢᠨ ᠶᠡᠷᠦᠩᠬᠡᠢ ᠠᠩᠬᠢ ᠶᠢᠨ ᠪᠠᠶᠢᠭᠤᠯᠭ᠎ᠠ ᠶᠢᠨ ᠵᠢᠯᠤᠭᠤᠳᠬᠤ ᠲᠦᠪ ᠲᠤ᠂ ᠯᠢ ᠵᠢᠢ ᠾᠧᠩ ᠸᠢᠳᠢᠣ᠋ ᠪᠠᠷ ᠪᠦᠬᠦ ᠤᠷᠤᠨ ᠤ ᠬᠢᠯᠢ ᠶᠢᠨ ᠬᠠᠮᠠᠭᠠᠯᠠᠯᠳᠠ ᠶᠢᠨ ᠴᠡᠷᠢᠭ ᠠᠩᠬᠢ ᠶᠢᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠢᠵᠢᠭᠦᠷ ᠤᠨ ᠪᠠᠶᠢᠳᠠᠯ ᠢ ᠪᠠᠶᠢᠴᠠᠭᠠᠵᠤ᠂ ᠬᠡᠰᠡᠭ ᠦᠨᠳᠦᠰᠦᠨ ᠱᠠᠳᠤᠨ ᠤ ᠨᠢᠭᠡᠴᠡ ᠶᠢ ᠰᠤᠭᠤᠴᠢᠨ ᠪᠠᠶᠢᠴᠠᠭᠠᠪᠠ᠃ ᠬᠦᠬᠡᠬᠤᠳᠠ ᠶᠢᠨ ᠲᠤᠳᠤᠭᠠᠳᠦ ᠶᠢ ᠬᠠᠮᠠᠭᠠᠯᠠᠬᠤ ᠭᠠᠯ ᠰᠡᠷᠬᠡᠶᠢᠯᠡᠵᠤ ᠭᠠᠯ ᠤᠨᠳᠠᠷᠠᠭᠠᠬᠤ ᠰᠠᠯᠪᠤᠷᠢ ᠠᠩᠬᠢ ᠶᠢᠨ ᠰᠠᠶᠢᠬᠠᠨ ᠲᠤᠭᠤᠷᠢᠭ ᠎ ᠤᠨ ᠨᠢᠭᠡᠳᠦᠭᠡᠷ ᠲᠤᠮᠳᠠ ᠠᠩᠬᠢ ᠳᠤ᠂ ᠯᠢ ᠵᠢᠢ ᠾᠧᠩ ᠵᠢᠵᠢᠭᠦᠷᠯᠡᠬᠦ ᠲᠡᠷᠭᠡ ᠵᠢᠴᠢ ᠲᠤᠨᠤᠬᠯᠠᠯ ᠮᠠᠲ᠋ᠧᠷᠢᠶᠠᠯ ᠤᠨ ᠪᠠᠶᠢᠳᠠᠯ ᠢ ᠪᠠᠶᠢᠴᠠᠭᠠᠵᠤ᠂ ᠬᠠᠮᠢᠶᠠᠷᠣᠯᠳᠠ ᠶᠢᠨ ᠳᠣᠭᠤᠷᠢᠭ ᠤᠨ ᠬᠡᠷᠡᠭ ᠤᠨ ᠮᠡᠳᠡᠭᠦᠯᠦᠯᠳᠡ ᠶᠢ ᠳᠣᠰᠴᠣ ᠴᠠᠭᠳᠠᠭ᠎ᠠ ᠳᠣᠮᠢᠯᠠᠭᠰᠠᠨ ᠪᠠᠶᠢᠳᠠᠯ ᠢ ᠨᠠᠷᠢᠯᠢᠭ ᠤᠶᠢᠯᠠᠭᠠᠵᠠᠢ᠃ ᠴᠡᠷᠢᠭ ᠠᠩᠬᠢ ᠶᠢᠨ ᠦᠷᠭᠡᠨ ᠤᠯᠠᠨ ᠲᠠᠷᠤᠭ᠎ᠠ ᠪᠠᠶᠢᠯᠳᠤᠬᠴᠢᠳ ᠤᠯᠤᠰ ᠤᠨ ᠠᠮᠤᠷ ᠲᠦᠪᠰᠢᠨ ᠢ ᠰᠠᠬᠢᠨ ᠬᠠᠮᠠᠭᠠᠯᠠᠬᠤ᠂ ᠠᠷᠠᠳ ᠲᠦᠮᠡᠨ ᠤ ᠵᠤᠯ ᠵᠢᠷᠭᠠᠯ ᠢ ᠪᠠᠳᠤᠯᠠᠬᠤ ᠶᠢᠨ ᠲᠦᠯᠦᠭᠡ᠂ ᠠᠵᠢᠯ ᠤᠨ ᠪᠠᠶᠢᠷᠢ ᠪᠠᠨ ᠪᠠᠳᠤ ᠰᠠᠬᠢᠨ᠂ ᠬᠠᠷᠠᠮ ᠦᠭᠡᠢ ᠵᠣᠷᠢᠭᠤᠯᠵᠣ᠂ ᠦᠪᠡᠷ ᠤᠨ ᠠᠰᠢᠭ ᠲᠤᠰᠠ ᠪᠠᠨ ᠦᠷᠡᠭᠳᠡᠭᠦᠯᠦᠨ ᠤᠯᠠᠨ ᠤ ᠠᠰᠢᠭ ᠲᠤᠰᠠ ᠶᠢ ᠬᠠᠮᠠᠭᠠᠯᠠᠬᠤ ᠡᠷᠬᠢᠮ ᠲᠡᠭᠡᠳᠦ ᠵᠤᠷᠢᠭ ᠰᠠᠨᠠᠭ᠎ᠠ ᠶᠢ ᠢᠯᠡᠷᠡᠭᠦᠯᠪᠡ᠃ ᠯᠢ ᠵᠢᠢ ᠾᠧᠩ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠪᠠ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠢ ᠲᠦᠯᠦᠭᠡᠯᠡᠵᠤ ᠲᠡᠳᠡᠨ ᠳᠤ ᠡᠷᠬᠢᠮ ᠲᠡᠭᠡᠳᠦ ᠬᠦᠨᠳᠦᠳᠭᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠭᠦᠯᠵᠤ᠂ ᠲᠡᠳᠡᠨ ᠤ ᠬᠡᠷ ᠬᠤᠳᠠᠯᠠᠭᠠᠷ ᠢᠶᠠᠷ ᠢᠶᠠᠨ ᠰᠢᠨ᠎ᠠ ᠵᠢᠯ ᠳᠤ ᠪᠠᠶᠠᠷ ᠪᠠᠶᠠᠰᠬᠤᠯᠠᠩ ᠲᠠᠢ ᠠᠮᠤᠷ ᠠᠮᠤᠭᠤᠯᠠᠩ ᠵᠣᠯ ᠵᠢᠷᠭᠠᠯ ᠲᠠᠢ ᠪᠠᠶᠢᠬᠤ ᠶᠢ ᠵᠦᠩᠨᠡᠵᠡᠢ᠃      ᠲᠠᠷᠠᠭ᠎ᠠ ᠨᠢ᠂ ᠯᠢ ᠵᠢᠢ ᠾᠧᠩ ᠨᠠᠷ ᠦᠪᠡᠷᠳᠡᠭᠡᠨ ᠵᠠᠰᠠᠬᠤ ᠤᠷᠤᠨ ᠤ ᠲᠤᠳᠤᠭᠠᠳᠦ ᠶᠢ ᠬᠠᠮᠠᠭᠠᠯᠠᠬᠤ ᠲᠢᠩᠬᠢᠮ ᠎ ᠤᠨ ᠵᠢᠯᠤᠭᠤᠳᠬᠤ ᠲᠦᠪ ᠲᠤ ᠬᠦᠷᠴᠤ᠂ ᠸᠢᠳᠢᠣ᠋ ᠪᠠᠷ ᠡᠯ᠎ᠠ ᠠᠶᠢᠮᠠᠭ ᠬᠤᠳᠠ ᠶᠢᠨ ᠵᠢᠵᠢᠭᠦᠷᠯᠡᠵᠤ ᠪᠠᠶᠢᠭ᠎ᠠ ᠪᠠᠶᠢᠳᠠᠯ ᠢ ᠨᠡᠷ᠎ᠠ ᠲᠤᠷᠠᠳᠤᠨ ᠪᠠᠶᠢᠴᠠᠭᠠᠵᠤ᠂ ᠦᠨᠳᠦᠰᠦᠨ ᠱᠠᠳᠤᠨ ᠤ ᠨᠢᠭᠡᠳᠦᠭᠡᠷ ᠹᠷᠤᠨᠲ ᠤᠨ ᠵᠢᠵᠢᠭᠦᠷᠯᠡᠬᠦ ᠨᠢᠭᠡᠴᠡ ᠶᠢ ᠰᠤᠭᠤᠴᠢᠨ ᠪᠠᠶᠢᠴᠠᠭᠠᠵᠤ᠂ ᠴᠠᠭᠠᠨ ᠰᠠᠷ᠎ᠠ ᠶᠢᠨ ᠬᠤᠭᠤᠴᠠᠭᠠᠨ ᠤ ᠠᠮᠤᠷ ᠲᠤᠬᠳᠠᠭᠤᠨ ᠢ ᠬᠠᠮᠠᠭᠠᠯᠠᠬᠤ ᠠᠵᠢᠯ ᠢ ᠰᠠᠶᠢᠳᠤᠷ ᠬᠢᠭᠦ ᠲᠤᠬᠠᠢ ᠲᠤᠳᠤᠷᠬᠠᠢ ᠱᠠᠭᠠᠷᠳᠠᠯᠭ᠎ᠠ ᠲᠤᠷᠠᠳᠴᠠᠢ᠃ ᠯᠢ ᠵᠢᠢ ᠾᠧᠩ᠂ ᠴᠠᠭᠠᠨ ᠰᠠᠷ᠎ᠠ ᠶᠢᠨ ᠬᠤᠭᠤᠴᠠᠭᠠᠨ ᠳᠤ᠂ ᠲᠡᠷᠭᠡ ᠬᠦᠰᠭᠡ ᠬᠦᠮᠦᠨ ᠬᠠᠷ᠎ᠠ ᠶᠠᠪᠣᠵᠣ ᠰᠠᠭᠤᠬᠤ ᠨᠢ ᠣᠯᠠᠨ᠂ ᠬᠤᠸᠠᠷ ᠫᠤᠤᠵᠢᠩ ᠲᠠᠯᠪᠢᠬᠤ ᠶᠠᠪᠣᠳᠠᠯ ᠲᠦᠪᠯᠡᠷᠡᠵᠦ᠂ ᠴᠠᠭ ᠠᠭᠤᠷ ᠤᠨ ᠪᠠᠶᠢᠳᠠᠯ ᠪᠤᠳᠤᠯᠢᠶᠠᠨᠳᠠᠢ ᠪᠦᠭᠡᠳ ᠬᠤᠪᠢᠷᠠᠯᠳᠠ ᠶᠡᠭᠡᠳᠡᠢ᠂ ᠠᠮᠤᠷ ᠲᠤᠬᠳᠠᠭᠤᠨ ᠢ ᠬᠠᠮᠠᠭᠠᠯᠠᠬᠤ ᠠᠵᠢᠯ ᠳᠤ ᠮᠠᠰᠢ ᠤᠯᠠᠨ ᠰᠢᠨ᠎ᠠ ᠪᠠᠶᠢᠳᠠᠯ ᠰᠢᠨ᠎ᠠ ᠠᠰᠠᠭᠤᠳᠠᠯ ᠲᠤᠯᠭᠠᠷᠠᠬᠤ ᠪᠣᠯᠣᠨ᠎ᠠ᠃ ᠡᠯ᠎ᠠ ᠭᠠᠵᠠᠷ ᠣᠷᠣᠨ ᠡᠯ᠎ᠠ ᠰᠠᠯᠠᠭ᠎ᠠ ᠮᠦᠴᠢᠷ ᠱᠠᠳᠤ ᠱᠠᠳᠤ ᠪᠠᠷ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠱᠠᠳᠤ ᠱᠠᠳᠤ ᠪᠠᠷ ᠲᠠᠷᠤᠯᠳᠠ ᠦᠭᠴᠤ᠂ ᠵᠠᠳᠠᠯᠣᠯᠳᠠ ᠮᠠᠭᠠᠳᠯᠠᠯᠳᠠ ᠪᠠᠨ ᠴᠢᠩᠭᠠᠳᠬᠠᠨ᠂ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠨ᠂ ᠬᠢᠨᠠᠯᠳᠠ ᠪᠠᠶᠢᠴᠠᠭᠠᠯᠳᠠ ᠪᠠᠨ ᠴᠢᠩᠭᠠᠳᠬᠠᠵᠤ᠂ ᠡᠯ᠎ᠠ ᠵᠦᠢᠯ ᠤᠨ ᠠᠮᠤᠷ ᠲᠤᠬᠳᠠᠭᠤᠨ ᠢ ᠬᠠᠮᠠᠭᠠᠯᠠᠬᠤ ᠠᠷᠭ᠎ᠠ ᠬᠡᠮᠵᠢᠶ᠎ᠠ ᠶᠢ ᠬᠢᠨᠠᠮᠠᠭᠠᠢ ᠨᠡᠶᠢᠳᠡᠪᠦᠷᠢᠵᠢᠭᠤᠯᠵᠤ᠂ ᠤᠳᠤᠷᠢᠳᠤᠯᠭ᠎ᠠ ᠡᠭᠡᠯᠵᠢ ᠲᠠᠭᠠᠭᠤᠯᠬᠤ ᠪᠠ ᠵᠢᠵᠢᠭᠦᠷᠯᠡᠭᠦ ᠵᠢᠵᠢᠭᠦᠷ ᠲᠤ ᠪᠡᠯᠡᠳᠭᠡᠭᠦ ᠲᠦᠷᠢᠮ ᠢ ᠴᠢᠩᠭ᠎ᠠ ᠬᠡᠷᠡᠭᠵᠢᠭᠦᠯᠵᠤ᠂ ᠪᠦᠬᠦ ᠤᠷᠤᠨ ᠤ ᠨᠡᠶᠢᠭᠡᠮ ᠤᠨ ᠶᠡᠭᠡ ᠲᠠᠯ᠎ᠠ ᠪᠠ ᠡᠶ᠎ᠡ ᠵᠤᠬᠢᠴᠠᠩᠭᠤᠢ ᠲᠤᠬᠳᠠᠭᠤᠨ ᠢ ᠪᠠᠳᠤᠯᠠᠵᠤ᠂ ᠦᠨᠳᠦᠰᠦᠳᠡᠨ ᠨᠦᠭᠦᠳ ᠤᠨ ᠤᠯᠠᠨ ᠲᠦᠮᠡᠨ ᠤ ᠪᠠᠶᠠᠷ ᠤᠨ ᠡᠳᠦᠷ ᠢᠶᠠᠨ ᠪᠠᠶᠠᠷ ᠬᠦᠷ ᠲᠠᠢ ᠦᠩᠭᠡᠷᠡᠭᠦᠯᠭᠦ ᠳᠤ ᠰᠠᠶᠢᠨ ᠰᠠᠶᠢᠬᠠᠨ ᠤᠷᠴᠢᠨ ᠲᠤᠭᠤᠷᠢᠨ ᠡᠭᠦᠳᠦᠨ ᠥᠭᠬᠦ ᠬᠡᠷᠡᠭᠳᠡᠢ ᠬᠡᠵᠤ ᠵᠢᠭᠠᠵᠤ ᠭᠠᠷᠭᠠᠪᠠ᠃      ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠯᠢ ᠵᠢᠶᠠ᠂ ᠯᠦᠸᠧ ᠶᠦᠩ ᠭᠠᠩ᠂ ᠶᠠᠩ ᠸᠧᠢ ᠳ᠋ᠦᠩ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠪᠠᠶᠢᠴᠠᠭᠠᠨ ᠲᠤᠬᠤᠨᠢᠭᠤᠯᠬᠤ ᠠᠵᠢᠯᠯᠠᠭ᠎ᠠ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号