ᠯᠢ ᠵᠢᠢ ᠾᠧᠩ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠮᠤᠷ ᠲᠤᠬᠳᠠᠭᠤᠨ ᠢ ᠬᠠᠮᠠᠭᠠᠯᠠᠬᠤ ᠠᠵᠢᠯ ᠢ ᠪᠠᠶᠢᠴᠠᠭᠠᠪᠠ  ᠯᠢ ᠵᠢᠶᠠ ᠪᠠᠶᠢᠴᠠᠭᠠᠬᠤ ᠠᠵᠢᠯᠯᠠᠭ᠎ᠠ ᠳᠤ ᠤᠷᠤᠯᠴᠠᠵᠠᠢ
ᠨᠡᠶᠢᠲᠡᠯᠡᠭᠰᠡᠨ ᠴᠠᠭ᠄
2018/2/14
     2 ᠳ᠋ᠤᠭᠠᠷ ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ  ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠠᠩᠬᠢ ᠲᠠᠭᠠᠭᠤᠯᠤᠨ ᠴᠠᠭᠠᠨ ᠰᠠᠷ᠎ᠠ ᠶᠢᠨ ᠬᠤᠭᠤᠴᠠᠭᠠᠨ ᠤ ᠠᠮᠤᠷ ᠲᠤᠬᠳᠠᠭᠤᠨ ᠢ ᠬᠠᠮᠠᠭᠠᠯᠠᠬᠤ ᠠᠵᠢᠯ ᠢ ᠪᠠᠶᠢᠴᠠᠭᠠᠵᠤ᠂ ᠨᠢᠭᠡᠳᠦᠭᠡᠷ ᠹᠷᠤᠨᠲ ᠲᠤ ᠠᠵᠢᠯ ᠤᠨ ᠪᠠᠶᠢᠷᠢ ᠪᠠᠨ ᠪᠠᠳᠤ ᠰᠠᠬᠢᠵᠤ ᠪᠠᠶᠢᠭ᠎ᠠ ᠵᠡᠪᠰᠡᠭᠳᠦ ᠴᠠᠬᠳᠠᠭ᠎ᠠ᠂ ᠬᠢᠯᠢ ᠶᠢᠨ ᠬᠠᠮᠠᠭᠠᠯᠠᠯᠳᠠ᠂ ᠭᠠᠯ ᠰᠡᠷᠬᠡᠶᠢᠯᠡᠵᠤ ᠭᠠᠯ ᠤᠨᠳᠠᠷᠠᠭᠠᠬᠤ ᠴᠡᠷᠢᠭ ᠠᠩᠬᠢ ᠶᠢᠨ ᠲᠠᠷᠤᠭ᠎ᠠ ᠪᠠᠶᠢᠯᠳᠤᠬᠴᠢᠳ ᠪᠠ ᠲᠤᠳᠤᠭᠠᠳᠦ ᠶᠢ ᠬᠠᠮᠠᠭᠠᠯᠠᠬᠤ ᠺᠠᠳ᠋ᠷ ᠴᠠᠬᠳᠠᠭ᠎ᠠ ᠨᠠᠷ ᠢ ᠪᠤᠯᠭᠤᠭᠠᠨ ᠲᠤᠬᠤᠨᠢᠭᠤᠯᠪᠠ᠃ ᠲᠡᠷᠡ᠂ ᠡᠯ᠎ᠠ ᠭᠠᠵᠠᠷ ᠣᠷᠣᠨ ᠡᠯ᠎ᠠ ᠰᠠᠯᠠᠭ᠎ᠠ ᠮᠦᠴᠢᠷ ᠠᠮᠤᠷ ᠲᠤᠬᠳᠠᠭᠤᠨ ᠭᠡᠰᠡᠨ ᠡᠨᠡᠭᠦ ᠬᠦᠪᠴᠢ ᠶᠢ ᠴᠢᠩᠭᠠᠯᠠᠵᠤ᠂ ᠲᠡᠭᠡᠳᠦ ᠬᠡᠮᠵᠢᠶ᠎ᠠ ᠪᠠᠷ ᠬᠦᠨᠳᠦᠳᠭᠡᠵᠦ᠂ ᠨᠠᠷᠢᠨ ᠨᠢᠮᠪᠠᠢ ᠪᠠᠶᠢᠷᠢᠯᠠᠭᠤᠯᠵᠤ᠂ ᠬᠠᠷᠢᠭᠤᠴᠠᠯᠭ᠎ᠠ ᠶᠢ ᠪᠤᠳᠠᠳᠠᠶᠢᠵᠢᠭᠤᠯᠦᠨ᠂ ᠦᠨᠳᠦᠰᠦᠳᠡᠨ ᠨᠦᠭᠦᠳ ᠤᠨ ᠤᠯᠠᠨ ᠲᠦᠮᠡᠨ ᠤ ᠠᠮᠤᠷ ᠠᠮᠤᠭᠤᠯᠠᠩ ᠪᠠᠶᠠᠷ ᠪᠠᠶᠠᠰᠬᠤᠯᠠᠩ ᠲᠠᠢ ᠪᠠᠷ ᠴᠠᠭᠠᠨ ᠰᠠᠷ᠎ᠠ ᠪᠠᠨ ᠦᠩᠭᠡᠷᠡᠭᠦᠯᠭᠦ ᠶᠢ ᠪᠠᠳᠤᠯᠬᠠᠤ ᠬᠡᠷᠡᠭᠳᠡᠢ ᠬᠡᠵᠤ ᠱᠠᠭᠠᠷᠳᠠᠪᠠ᠃      ᠯᠢ ᠵᠢᠢ ᠾᠧᠩ ᠡᠩ ᠲᠡᠷᠢᠭᠦᠨ ᠳᠤ ᠵᠡᠪᠰᠡᠭᠳᠦ ᠴᠠᠬᠳᠠᠭ᠎ᠠ ᠶᠢᠨ ᠦᠪᠦᠷ ᠮᠤᠩᠭᠤᠯ ᠤᠨ ᠶᠡᠷᠦᠩᠬᠡᠢ ᠠᠩᠬᠢ ᠶᠢᠨ ᠪᠠᠶᠢᠭᠤᠯᠭ᠎ᠠ ᠳᠤ ᠬᠦᠷᠴᠤ᠂ ᠴᠡᠷᠢᠭ ᠠᠩᠬᠢ ᠶᠢᠨ ᠲᠠᠷᠤᠭ᠎ᠠ ᠪᠠᠶᠢᠯᠳᠤᠬᠴᠢᠳ ᠢ ᠪᠤᠯᠭᠤᠭᠠᠨ ᠲᠤᠬᠤᠨᠢᠭᠤᠯᠪᠠ᠃ ᠦᠪᠦᠷ ᠮᠤᠩᠭᠤᠯ ᠤᠨ ᠲᠤᠳᠤᠭᠠᠳᠦ ᠶᠢ ᠬᠠᠮᠠᠭᠠᠯᠠᠬᠤ ᠬᠢᠯᠢ ᠶᠢᠨ ᠬᠠᠮᠠᠭᠠᠯᠠᠯᠳᠠ ᠶᠢᠨ ᠶᠡᠷᠦᠩᠬᠡᠢ ᠠᠩᠬᠢ ᠶᠢᠨ ᠪᠠᠶᠢᠭᠤᠯᠭ᠎ᠠ ᠶᠢᠨ ᠵᠢᠯᠤᠭᠤᠳᠬᠤ ᠲᠦᠪ ᠲᠤ᠂ ᠯᠢ ᠵᠢᠢ ᠾᠧᠩ ᠸᠢᠳᠢᠣ᠋ ᠪᠠᠷ ᠪᠦᠬᠦ ᠤᠷᠤᠨ ᠤ ᠬᠢᠯᠢ ᠶᠢᠨ ᠬᠠᠮᠠᠭᠠᠯᠠᠯᠳᠠ ᠶᠢᠨ ᠴᠡᠷᠢᠭ ᠠᠩᠬᠢ ᠶᠢᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠢᠵᠢᠭᠦᠷ ᠤᠨ ᠪᠠᠶᠢᠳᠠᠯ ᠢ ᠪᠠᠶᠢᠴᠠᠭᠠᠵᠤ᠂ ᠬᠡᠰᠡᠭ ᠦᠨᠳᠦᠰᠦᠨ ᠱᠠᠳᠤᠨ ᠤ ᠨᠢᠭᠡᠴᠡ ᠶᠢ ᠰᠤᠭᠤᠴᠢᠨ ᠪᠠᠶᠢᠴᠠᠭᠠᠪᠠ᠃ ᠬᠦᠬᠡᠬᠤᠳᠠ ᠶᠢᠨ ᠲᠤᠳᠤᠭᠠᠳᠦ ᠶᠢ ᠬᠠᠮᠠᠭᠠᠯᠠᠬᠤ ᠭᠠᠯ ᠰᠡᠷᠬᠡᠶᠢᠯᠡᠵᠤ ᠭᠠᠯ ᠤᠨᠳᠠᠷᠠᠭᠠᠬᠤ ᠰᠠᠯᠪᠤᠷᠢ ᠠᠩᠬᠢ ᠶᠢᠨ ᠰᠠᠶᠢᠬᠠᠨ ᠲᠤᠭᠤᠷᠢᠭ  ᠤᠨ ᠨᠢᠭᠡᠳᠦᠭᠡᠷ ᠲᠤᠮᠳᠠ ᠠᠩᠬᠢ ᠳᠤ᠂ ᠯᠢ ᠵᠢᠢ ᠾᠧᠩ ᠵᠢᠵᠢᠭᠦᠷᠯᠡᠬᠦ ᠲᠡᠷᠭᠡ ᠵᠢᠴᠢ ᠲᠤᠨᠤᠬᠯᠠᠯ ᠮᠠᠲ᠋ᠧᠷᠢᠶᠠᠯ ᠤᠨ ᠪᠠᠶᠢᠳᠠᠯ ᠢ ᠪᠠᠶᠢᠴᠠᠭᠠᠵᠤ᠂ ᠬᠠᠮᠢᠶᠠᠷᠣᠯᠳᠠ ᠶᠢᠨ ᠳᠣᠭᠤᠷᠢᠭ ᠤᠨ ᠬᠡᠷᠡᠭ ᠤᠨ ᠮᠡᠳᠡᠭᠦᠯᠦᠯᠳᠡ ᠶᠢ ᠳᠣᠰᠴᠣ ᠴᠠᠭᠳᠠᠭ᠎ᠠ ᠳᠣᠮᠢᠯᠠᠭᠰᠠᠨ ᠪᠠᠶᠢᠳᠠᠯ ᠢ ᠨᠠᠷᠢᠯᠢᠭ ᠤᠶᠢᠯᠠᠭᠠᠵᠠᠢ᠃ ᠴᠡᠷᠢᠭ ᠠᠩᠬᠢ ᠶᠢᠨ ᠦᠷᠭᠡᠨ ᠤᠯᠠᠨ ᠲᠠᠷᠤᠭ᠎ᠠ ᠪᠠᠶᠢᠯᠳᠤᠬᠴᠢᠳ ᠤᠯᠤᠰ ᠤᠨ ᠠᠮᠤᠷ ᠲᠦᠪᠰᠢᠨ ᠢ ᠰᠠᠬᠢᠨ ᠬᠠᠮᠠᠭᠠᠯᠠᠬᠤ᠂ ᠠᠷᠠᠳ ᠲᠦᠮᠡᠨ ᠤ ᠵᠤᠯ ᠵᠢᠷᠭᠠᠯ ᠢ ᠪᠠᠳᠤᠯᠠᠬᠤ ᠶᠢᠨ ᠲᠦᠯᠦᠭᠡ᠂ ᠠᠵᠢᠯ ᠤᠨ ᠪᠠᠶᠢᠷᠢ ᠪᠠᠨ ᠪᠠᠳᠤ ᠰᠠᠬᠢᠨ᠂ ᠬᠠᠷᠠᠮ ᠦᠭᠡᠢ ᠵᠣᠷᠢᠭᠤᠯᠵᠣ᠂ ᠦᠪᠡᠷ ᠤᠨ ᠠᠰᠢᠭ ᠲᠤᠰᠠ ᠪᠠᠨ ᠦᠷᠡᠭᠳᠡᠭᠦᠯᠦᠨ ᠤᠯᠠᠨ ᠤ ᠠᠰᠢᠭ ᠲᠤᠰᠠ ᠶᠢ ᠬᠠᠮᠠᠭᠠᠯᠠᠬᠤ ᠡᠷᠬᠢᠮ ᠲᠡᠭᠡᠳᠦ ᠵᠤᠷᠢᠭ ᠰᠠᠨᠠᠭ᠎ᠠ ᠶᠢ ᠢᠯᠡᠷᠡᠭᠦᠯᠪᠡ᠃ ᠯᠢ ᠵᠢᠢ ᠾᠧᠩ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠪᠠ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠢ ᠲᠦᠯᠦᠭᠡᠯᠡᠵᠤ ᠲᠡᠳᠡᠨ ᠳᠤ ᠡᠷᠬᠢᠮ ᠲᠡᠭᠡᠳᠦ ᠬᠦᠨᠳᠦᠳᠭᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠭᠦᠯᠵᠤ᠂ ᠲᠡᠳᠡᠨ ᠤ ᠬᠡᠷ ᠬᠤᠳᠠᠯᠠᠭᠠᠷ ᠢᠶᠠᠷ ᠢᠶᠠᠨ ᠰᠢᠨ᠎ᠠ ᠵᠢᠯ ᠳᠤ ᠪᠠᠶᠠᠷ ᠪᠠᠶᠠᠰᠬᠤᠯᠠᠩ ᠲᠠᠢ ᠠᠮᠤᠷ ᠠᠮᠤᠭᠤᠯᠠᠩ ᠵᠣᠯ ᠵᠢᠷᠭᠠᠯ ᠲᠠᠢ ᠪᠠᠶᠢᠬᠤ ᠶᠢ ᠵᠦᠩᠨᠡᠵᠡᠢ᠃      ᠲᠠᠷᠠᠭ᠎ᠠ ᠨᠢ᠂ ᠯᠢ ᠵᠢᠢ ᠾᠧᠩ ᠨᠠᠷ ᠦᠪᠡᠷᠳᠡᠭᠡᠨ ᠵᠠᠰᠠᠬᠤ ᠤᠷᠤᠨ ᠤ ᠲᠤᠳᠤᠭᠠᠳᠦ ᠶᠢ ᠬᠠᠮᠠᠭᠠᠯᠠᠬᠤ ᠲᠢᠩᠬᠢᠮ  ᠤᠨ ᠵᠢᠯᠤᠭᠤᠳᠬᠤ ᠲᠦᠪ ᠲᠤ ᠬᠦᠷᠴᠤ᠂ ᠸᠢᠳᠢᠣ᠋ ᠪᠠᠷ ᠡᠯ᠎ᠠ ᠠᠶᠢᠮᠠᠭ ᠬᠤᠳᠠ ᠶᠢᠨ ᠵᠢᠵᠢᠭᠦᠷᠯᠡᠵᠤ ᠪᠠᠶᠢᠭ᠎ᠠ ᠪᠠᠶᠢᠳᠠᠯ ᠢ ᠨᠡᠷ᠎ᠠ ᠲᠤᠷᠠᠳᠤᠨ ᠪᠠᠶᠢᠴᠠᠭᠠᠵᠤ᠂ ᠦᠨᠳᠦᠰᠦᠨ ᠱᠠᠳᠤᠨ ᠤ ᠨᠢᠭᠡᠳᠦᠭᠡᠷ ᠹᠷᠤᠨᠲ ᠤᠨ ᠵᠢᠵᠢᠭᠦᠷᠯᠡᠬᠦ ᠨᠢᠭᠡᠴᠡ ᠶᠢ ᠰᠤᠭᠤᠴᠢᠨ ᠪᠠᠶᠢᠴᠠᠭᠠᠵᠤ᠂ ᠴᠠᠭᠠᠨ ᠰᠠᠷ᠎ᠠ ᠶᠢᠨ ᠬᠤᠭᠤᠴᠠᠭᠠᠨ ᠤ ᠠᠮᠤᠷ ᠲᠤᠬᠳᠠᠭᠤᠨ ᠢ ᠬᠠᠮᠠᠭᠠᠯᠠᠬᠤ ᠠᠵᠢᠯ ᠢ ᠰᠠᠶᠢᠳᠤᠷ ᠬᠢᠭᠦ ᠲᠤᠬᠠᠢ ᠲᠤᠳᠤᠷᠬᠠᠢ ᠱᠠᠭᠠᠷᠳᠠᠯᠭ᠎ᠠ ᠲᠤᠷᠠᠳᠴᠠᠢ᠃ ᠯᠢ ᠵᠢᠢ ᠾᠧᠩ᠂ ᠴᠠᠭᠠᠨ ᠰᠠᠷ᠎ᠠ ᠶᠢᠨ ᠬᠤᠭᠤᠴᠠᠭᠠᠨ ᠳᠤ᠂ ᠲᠡᠷᠭᠡ ᠬᠦᠰᠭᠡ ᠬᠦᠮᠦᠨ ᠬᠠᠷ᠎ᠠ ᠶᠠᠪᠣᠵᠣ ᠰᠠᠭᠤᠬᠤ ᠨᠢ ᠣᠯᠠᠨ᠂ ᠬᠤᠸᠠᠷ ᠫᠤᠤᠵᠢᠩ ᠲᠠᠯᠪᠢᠬᠤ ᠶᠠᠪᠣᠳᠠᠯ ᠲᠦᠪᠯᠡᠷᠡᠵᠦ᠂ ᠴᠠᠭ ᠠᠭᠤᠷ ᠤᠨ ᠪᠠᠶᠢᠳᠠᠯ ᠪᠤᠳᠤᠯᠢᠶᠠᠨᠳᠠᠢ ᠪᠦᠭᠡᠳ ᠬᠤᠪᠢᠷᠠᠯᠳᠠ ᠶᠡᠭᠡᠳᠡᠢ᠂ ᠠᠮᠤᠷ ᠲᠤᠬᠳᠠᠭᠤᠨ ᠢ ᠬᠠᠮᠠᠭᠠᠯᠠᠬᠤ ᠠᠵᠢᠯ ᠳᠤ ᠮᠠᠰᠢ ᠤᠯᠠᠨ ᠰᠢᠨ᠎ᠠ ᠪᠠᠶᠢᠳᠠᠯ ᠰᠢᠨ᠎ᠠ ᠠᠰᠠᠭᠤᠳᠠᠯ ᠲᠤᠯᠭᠠᠷᠠᠬᠤ ᠪᠣᠯᠣᠨ᠎ᠠ᠃ ᠡᠯ᠎ᠠ ᠭᠠᠵᠠᠷ ᠣᠷᠣᠨ ᠡᠯ᠎ᠠ ᠰᠠᠯᠠᠭ᠎ᠠ ᠮᠦᠴᠢᠷ ᠱᠠᠳᠤ ᠱᠠᠳᠤ ᠪᠠᠷ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠱᠠᠳᠤ ᠱᠠᠳᠤ ᠪᠠᠷ ᠲᠠᠷᠤᠯᠳᠠ ᠦᠭᠴᠤ᠂ ᠵᠠᠳᠠᠯᠣᠯᠳᠠ ᠮᠠᠭᠠᠳᠯᠠᠯᠳᠠ ᠪᠠᠨ ᠴᠢᠩᠭᠠᠳᠬᠠᠨ᠂ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠨ᠂ ᠬᠢᠨᠠᠯᠳᠠ ᠪᠠᠶᠢᠴᠠᠭᠠᠯᠳᠠ ᠪᠠᠨ ᠴᠢᠩᠭᠠᠳᠬᠠᠵᠤ᠂ ᠡᠯ᠎ᠠ ᠵᠦᠢᠯ ᠤᠨ ᠠᠮᠤᠷ ᠲᠤᠬᠳᠠᠭᠤᠨ ᠢ ᠬᠠᠮᠠᠭᠠᠯᠠᠬᠤ ᠠᠷᠭ᠎ᠠ ᠬᠡᠮᠵᠢᠶ᠎ᠠ ᠶᠢ ᠬᠢᠨᠠᠮᠠᠭᠠᠢ ᠨᠡᠶᠢᠳᠡᠪᠦᠷᠢᠵᠢᠭᠤᠯᠵᠤ᠂ ᠤᠳᠤᠷᠢᠳᠤᠯᠭ᠎ᠠ ᠡᠭᠡᠯᠵᠢ ᠲᠠᠭᠠᠭᠤᠯᠬᠤ ᠪᠠ ᠵᠢᠵᠢᠭᠦᠷᠯᠡᠭᠦ ᠵᠢᠵᠢᠭᠦᠷ ᠲᠤ ᠪᠡᠯᠡᠳᠭᠡᠭᠦ ᠲᠦᠷᠢᠮ ᠢ ᠴᠢᠩᠭ᠎ᠠ ᠬᠡᠷᠡᠭᠵᠢᠭᠦᠯᠵᠤ᠂ ᠪᠦᠬᠦ ᠤᠷᠤᠨ ᠤ ᠨᠡᠶᠢᠭᠡᠮ ᠤᠨ ᠶᠡᠭᠡ ᠲᠠᠯ᠎ᠠ ᠪᠠ ᠡᠶ᠎ᠡ ᠵᠤᠬᠢᠴᠠᠩᠭᠤᠢ ᠲᠤᠬᠳᠠᠭᠤᠨ ᠢ ᠪᠠᠳᠤᠯᠠᠵᠤ᠂ ᠦᠨᠳᠦᠰᠦᠳᠡᠨ ᠨᠦᠭᠦᠳ ᠤᠨ ᠤᠯᠠᠨ ᠲᠦᠮᠡᠨ ᠤ ᠪᠠᠶᠠᠷ ᠤᠨ ᠡᠳᠦᠷ ᠢᠶᠠᠨ ᠪᠠᠶᠠᠷ ᠬᠦᠷ ᠲᠠᠢ ᠦᠩᠭᠡᠷᠡᠭᠦᠯᠭᠦ ᠳᠤ ᠰᠠᠶᠢᠨ ᠰᠠᠶᠢᠬᠠᠨ ᠤᠷᠴᠢᠨ ᠲᠤᠭᠤᠷᠢᠨ ᠡᠭᠦᠳᠦᠨ ᠥᠭᠬᠦ ᠬᠡᠷᠡᠭᠳᠡᠢ ᠬᠡᠵᠤ ᠵᠢᠭᠠᠵᠤ ᠭᠠᠷᠭᠠᠪᠠ᠃      ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠯᠢ ᠵᠢᠶᠠ᠂ ᠯᠦᠸᠧ ᠶᠦᠩ ᠭᠠᠩ᠂ ᠶᠠᠩ ᠸᠧᠢ ᠳ᠋ᠦᠩ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠪᠠᠶᠢᠴᠠᠭᠠᠨ ᠲᠤᠬᠤᠨᠢᠭᠤᠯᠬᠤ ᠠᠵᠢᠯᠯᠠᠭ᠎ᠠ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号