ᠪᠦᠬᠦ ᠤᠷᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠵᠢᠴᠢ ᠮᠤᠩᠭᠤᠯ ᠬᠢᠲᠠᠳ ᠡᠮ ᠡᠮᠨᠡᠯᠭᠡ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/2/22
     2 ᠳ᠋ᠤᠭᠠᠷ ᠰᠠᠷ᠎ᠠ ᠶᠢᠨ 9 ᠤ ᠡᠳᠦᠷ᠂ 2018 ᠤᠨ ᠤ ᠪᠦᠬᠦ ᠤᠷᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠵᠢᠴᠢ ᠮᠤᠩᠭᠤᠯ ᠬᠢᠲᠠᠳ ᠡᠮ ᠡᠮᠨᠡᠯᠭᠡ ᠶᠢᠨ ᠠᠵᠢᠯ ᠤᠨ ᠬᠤᠷᠠᠯ ᠬᠦᠬᠡᠬᠤᠲᠠ ᠳᠤ ᠬᠤᠷᠠᠯᠳᠤᠵᠤ᠂ ᠬᠤᠷᠠᠯ ᠠᠴᠠ 2018 ᠤᠨ ᠳᠤ ᠪᠦᠬᠦ ᠤᠷᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ  ᠤᠨ ᠠᠵᠢᠯ ᠭᠤᠤᠯᠳᠠᠭᠤ ᠠᠷᠠᠳ ᠲᠤ ᠠᠰᠢᠭ ᠬᠦᠷᠲᠡᠭᠡᠬᠦ 6 ᠪᠤᠳᠠᠳᠤ ᠠᠵᠢᠯ ᠢ ᠰᠠᠶᠢᠲᠤᠷ ᠬᠢᠨ᠎ᠡ ᠭᠡᠵᠦ ᠳᠤᠷᠠᠳᠤᠭᠰᠠᠨ ᠪᠠᠶᠢᠨ᠎ᠠ᠃      ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠤᠨ ᠡᠷᠬᠢᠯᠡᠭᠴᠢ ᠡᠸᠦ ᠶᠠᠩ ᠰᠢᠶᠤᠤ ᠬᠤᠢ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃      ᠡᠸᠦ ᠶᠠᠩ ᠰᠢᠶᠤᠤ ᠬᠤᠢ ᠴᠢᠬᠤᠯᠠᠴᠢᠯᠠᠭᠰᠠᠨ ᠨᠢ᠂ ᠡᠨᠡ ᠵᠢᠯ ᠳᠤ ᠪᠦᠬᠦ ᠤᠷᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠠᠵᠢᠯ ᠡᠷᠡᠭᠦᠯ ᠡᠩᠬᠡ ᠦᠪᠦᠷ ᠮᠤᠩᠭᠤᠯ ᠢ ᠪᠦᠳᠦᠭᠡᠨ ᠪᠠᠶᠢᠭᠤᠯᠬᠤ ᠭᠤᠤᠯ ᠱᠤᠭᠤᠮ  ᠤᠨ ᠲᠤᠭᠤᠷᠢᠨ ᠳᠤ᠂ ᠡᠮ ᠡᠮᠨᠡᠯᠭᠡ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ᠂ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ᠂ ᠮᠤᠩᠭᠤᠯ ᠬᠢᠲᠠᠳ ᠡᠮ ᠡᠮᠨᠡᠯᠭᠡ ᠪᠤᠯᠤᠨ ᠦᠷᠡᠵᠢᠯ ᠤᠨ ᠦᠢᠯᠡᠴᠢᠯᠡᠭᠡ ᠵᠡᠷᠭᠡ ᠲᠠᠪᠤᠨ ᠭᠤᠤᠯᠳᠠᠯᠭ᠎ᠠ ᠶᠢ ᠪᠦᠬᠦ ᠬᠦᠴᠦ ᠪᠠᠷ ᠠᠬᠢᠭᠤᠯᠵᠤ᠂ ᠠᠷᠠᠳ ᠲᠤ ᠠᠰᠢᠭ ᠬᠦᠷᠲᠡᠭᠡᠬᠦ 6 ᠵᠦᠢᠯ ᠤᠨ ᠪᠤᠳᠠᠳᠦ ᠠᠵᠢᠯ ᠢ ᠨᠠᠶᠢᠳᠠᠪᠤᠷᠢᠵᠢᠭᠤᠯᠬᠤ ᠬᠡᠷᠡᠭᠲᠡᠢ᠃ ᠨᠢᠭᠡ ᠳᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠨᠦᠭᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠤᠨ᠂ ᠬᠦᠮᠦᠨ ᠳᠤᠮᠳᠠᠴᠢ ᠪᠠᠷ 55 ᠲᠦᠭᠦᠷᠢᠭ ᠲᠤ ᠬᠦᠷᠭᠡᠨ᠎ᠡ᠃ ᠬᠤᠶᠠᠷ ᠲᠤ᠂ ᠶᠠᠳᠠᠭᠤ ᠬᠦᠴᠢᠷᠳᠡᠯᠲᠡᠢ ᠬᠦᠮᠦᠨ ᠠᠮᠠ ᠳᠤ ᠰᠦᠢᠳᠬᠡᠯ ᠬᠤᠷᠢᠶᠠᠬᠤ ᠦᠭᠡᠢ ᠪᠠᠷ ᠪᠡᠶ᠎ᠠ ᠶᠢᠨ ᠡᠷᠡᠭᠦᠯ ᠮᠡᠨᠳᠤ ᠶᠢᠨ ᠪᠠᠶᠢᠴᠠᠭᠠᠯᠲᠠ ᠬᠢᠵᠦ ᠦᠭᠬᠦ ᠶᠢ ᠦᠷᠭᠦᠯᠵᠢᠯᠡᠨ ᠬᠡᠷᠡᠭᠵᠢᠬᠦᠯᠦᠨ᠎ᠡ᠃ ᠭᠤᠷᠪᠠ ᠳᠤ᠂ ᠳᠠᠩᠰᠠᠯᠠᠵᠤ ᠺᠠᠷᠳ᠋ᠯᠠᠭᠰᠠᠨ ᠶᠠᠳᠠᠭᠤ ᠬᠦᠴᠢᠷᠳᠡᠯᠲᠡᠢ ᠬᠦᠮᠦᠨ ᠠᠮᠠ ᠪᠦᠷᠢ ᠳᠤ ᠨᠢᠭᠡ ᠬᠤᠪᠢ ᠡᠷᠡᠭᠦᠯ ᠮᠡᠨᠳᠤ ᠶᠢᠨ ᠺᠠᠷᠲ ᠲᠠᠢ᠂ ᠡᠮᠴᠢᠯᠡᠭᠡᠨ ᠤ ᠶᠡᠷᠦᠩᠬᠡᠢ ᠰᠦᠢᠳᠬᠡᠯ ᠳᠠᠬᠢ ᠬᠤᠪᠢ ᠬᠦᠮᠦᠨ ᠤ ᠵᠠᠷᠤᠯᠭ᠎ᠠ ᠶᠢᠨ ᠬᠠᠷᠢᠴᠠᠯ  ᠢ 10% ᠠᠴᠠ ᠳᠠᠪᠠᠭᠤᠯᠬᠤ ᠦᠭᠡᠢ᠂ ᠬᠤᠪᠢ ᠬᠦᠮᠦᠨ ᠤ ᠵᠠᠷᠤᠯᠭ᠎ᠠ ᠶᠢᠨ ᠶᠡᠷᠦᠩᠬᠡᠢ ᠬᠡᠮᠵᠢᠶ᠎ᠡ ᠶᠢ 5000 ᠲᠦᠭᠦᠷᠢᠭ ᠠᠴᠠ ᠳᠠᠪᠠᠭᠤᠯᠬᠤ ᠦᠭᠡᠢ ᠪᠠᠶᠢᠵᠤ᠂ ᠠᠪᠤᠷᠠᠨ ᠡᠮᠨᠡᠭᠦ ᠬᠦᠨᠳᠦ ᠡᠪᠡᠳᠴᠢᠨ ᠤ ᠲᠦᠷᠦᠯ ᠢ 14 ᠪᠤᠯᠭᠠᠨ ᠦᠷᠭᠡᠳᠬᠡᠨ᠎ᠡ᠃ ᠳᠦᠷᠪᠡ ᠳᠤ᠂ ᠶᠠᠳᠠᠭᠤ ᠬᠦᠴᠢᠷᠳᠡᠯᠲᠡᠢ ᠪᠤᠯᠤᠨ ᠬᠢᠯᠢ ᠬᠢᠵᠠᠭᠠᠷ ᠤᠨ ᠬᠤᠰᠢᠭᠤ ᠰᠢᠶᠠᠨ ᠬᠤᠲᠠ ᠳᠤ ᠠᠯᠤᠰ ᠡᠵᠡᠮᠰᠢᠯ ᠤᠨ ᠡᠮ ᠡᠮᠨᠡᠯᠭᠡ ᠶᠢ ᠪᠦᠷᠬᠦᠭᠦᠯᠦᠨ᠎ᠡ᠃ ᠲᠠᠪᠤ ᠳᠤ᠂ ᠠᠯᠪᠠᠨ ᠠᠴᠠ ᠪᠠᠶᠢᠭᠤᠯᠤᠭᠰᠠᠨ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠪᠦᠬᠦᠨ ᠳᠤ ᠪᠤᠯᠵᠤᠨ ᠤᠨᠤᠰᠢᠯᠠᠨ ᠡᠮᠨᠡᠬᠦ ᠦᠢᠯᠡᠴᠢᠯᠡᠭᠡ ᠬᠠᠩᠭᠠᠨ᠎ᠠ᠃ ᠵᠢᠷᠭᠤᠭ᠎ᠠ ᠳᠤ᠂ ᠡᠬᠡ ᠨᠢᠯᠬᠠᠰ ᠤᠨ ᠲᠤᠨᠤᠭ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠤᠨᠤᠭ ᠲᠦᠭᠦᠭᠡᠷᠦᠮᠵᠢ ᠶᠢ ᠲᠤᠬᠢᠷᠠᠭᠤᠯᠤᠭᠰᠠᠨ ᠨᠤᠷᠮ᠎ᠠ ᠶᠢ 80 ᠠᠴᠠ ᠳᠡᠭᠡᠭᠰᠢ ᠪᠠᠶᠢᠯᠭᠠᠨ᠎ᠠ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号