ᠣᠷᠳᠣᠰ ᠬᠤᠲᠠ ᠶᠢᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠠᠵᠢᠯ ᠢᠯᠡᠷᠬᠡᠢ ᠦᠷ᠎ᠡ ᠪᠦᠲᠦᠮᠵᠢ ᠤᠯᠵᠠᠢ
ᠨᠡᠶᠢᠲᠡᠯᠡᠭᠰᠡᠨ ᠴᠠᠭ᠄
2018/2/22
     ᠤᠶᠢᠷ᠎ᠠ ᠶᠢᠨ ᠵᠢᠯ ᠳᠤ᠂ ᠤᠷᠳᠤᠰ ᠬᠤᠳᠠ ᠲᠦᠷᠦ ᠶᠢᠨ ᠪᠤᠳᠤᠯᠭ᠎ᠠ ᠶᠢ ᠤᠬᠠᠭᠤᠯᠬᠤ ᠡᠷᠴᠢᠮ ᠢᠶᠠᠨ ᠲᠠᠰᠤᠷᠠᠯᠲᠠ ᠦᠭᠡᠶ ᠴᠢᠩᠭᠠᠷᠠᠭᠤᠯᠵᠤ᠂ ᠳᠦᠷᠢᠮ ᠤᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠷᠢᠨᠰᠢᠭᠦᠯᠵᠦ᠂ ︽ᠠᠷᠠᠳ ᠤᠨ ᠠᠮᠢᠳᠤᠷᠠᠯ ᠢ ᠪᠠᠲᠤᠯᠠᠬᠤ ᠪᠠ ᠠᠷᠠᠳ ᠤᠨ ᠠᠮᠢᠳᠤᠷᠠᠯ ᠳᠤ ᠦᠢᠯᠡᠴᠢᠯᠡᠬᠦ︾ ᠪᠠᠷ ᠠᠵᠢᠯ ᠤᠨ ᠭᠤᠣᠯᠳᠠᠯᠭ᠎ᠠ ᠪᠠᠨ ᠪᠣᠯᠭᠠᠵᠤ᠂ ᠠᠵᠢᠯ ᠤᠨ ᠠᠷᠭ᠎ᠠ ᠪᠠᠨ ᠲᠡᠰᠦᠷᠡᠯᠳᠠ ᠦᠭᠡᠢ ᠰᠢᠨᠡᠴᠢᠯᠡᠵᠦ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠬᠤ ᠪᠠᠷ ᠳᠠᠮᠵᠢᠭᠤᠯᠤᠨ᠂ 2017 ᠤᠨ ᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠠᠵᠢᠯ ᠳᠤ ᠰᠢᠨ᠎ᠡ ᠰᠢᠪᠲᠤᠯᠤᠯᠲᠠ ᠭᠠᠷᠭᠠᠪᠠ᠃ 2017 ᠣᠨ ᠤ ᠡᠴᠦᠰ ᠪᠣᠯᠲᠠᠯ᠎ᠠ᠂ ᠪᠥᠬᠦ ᠬᠤᠲᠠ ᠶᠢᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠭᠰᠠᠨ ᠬᠦᠮᠦᠨ ᠤ ᠲᠤᠭ᠎ᠠ 31.1 ᠲᠦᠮᠡ ᠳᠤ ᠬᠦᠷᠪᠡ᠂ ᠡᠭᠦᠨ ᠳᠤ᠂ ᠠᠵᠢᠯ ᠠᠴᠠ ᠠᠮᠠᠷᠠᠭᠰᠠᠨ ᠠᠵᠢᠯ ᠠᠴᠠ ᠪᠠᠭᠤᠭᠰᠠᠨ ᠬᠦᠮᠦᠨ 5.8 ᠲᠦᠮᠡ ᠪᠠᠶᠢᠵᠤ᠂ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠦᠢᠯᠡᠴᠢᠯᠡᠭᠡᠨ ᠤ ᠨᠤᠷᠮ᠎ᠠ ᠨᠢ 99.6% ᠬᠦᠷᠴᠡᠢ᠃ ᠲᠣᠰ ᠬᠤᠭᠤᠴᠠᠭᠠᠨ ᠤ ᠰᠠᠭᠤᠷᠢ ᠮᠥᠩᠭᠦ ᠬᠤᠷᠢᠶᠠᠬᠤ ᠣᠷᠣᠯᠭ᠎ᠠ 59.03 ᠳ᠋ᠦᠩᠰᠢᠭᠤᠷ ᠲᠥᠭᠦᠷᠢᠭ ᠪᠠᠶᠢᠵᠤ᠂ ᠠᠵᠤ ᠠᠬᠤᠶᠢᠯᠠᠯ ᠤᠨ ᠠᠵᠢᠯ ᠠᠴᠠ ᠠᠮᠠᠷᠠᠭᠰᠠᠨ ᠠᠵᠢᠯ ᠠᠴᠠ ᠪᠠᠭᠤᠭᠰᠠᠨ ᠠᠵᠢᠯᠲᠠᠨ ᠵᠢᠴᠢ ᠨᠥᠭᠴᠢᠭᠰᠡᠳ ᠤᠨ ᠭᠡᠷ ᠪᠦᠯᠢ ᠶᠢᠨ 6.14 ᠲᠦᠮᠡᠨ ᠬᠥᠮᠦᠨ ᠳᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠤᠨ 19.31 ᠳ᠋ᠦᠩᠰᠢᠭᠤᠷ ᠲᠦᠬᠦᠷᠢᠭ ᠢ ᠴᠠᠭ ᠲᠤᠬᠠᠶ ᠳᠤᠨᠢ ᠲᠤᠭ᠎ᠠ ᠶᠣᠰᠣᠭᠠᠷ ᠦᠭᠴᠡᠢ︔ ᠬᠦᠮᠦᠨ ᠪᠦᠷᠢ ᠶᠢᠨ ᠳᠤᠮᠳᠠᠴᠢ ᠨᠠᠰᠤᠵᠢᠯ ᠤᠨ ᠠᠰᠠᠷᠠᠮᠵᠢ ᠶᠢᠨ ᠲᠦᠪᠰᠢᠨ ᠰᠠᠷ᠎ᠠ ᠪᠦᠷᠢ 3146 ᠲᠥᠭᠦᠷᠢᠭ ︵ᠣᠷᠣᠨ ᠨᠤᠲᠤᠭ ᠤᠨ ᠠᠮᠢᠳᠤᠷᠠᠯ ᠤᠨ ᠨᠥᠬᠦᠪᠥᠷᠢ 300 ᠲᠥᠭᠦᠷᠢᠭ ᠪᠠᠭᠲᠠᠨ᠎ᠠ︶ ᠲᠤ ᠬᠦᠷᠴᠦ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠳᠤᠮᠳᠠᠴᠢ ᠬᠢᠷᠢ ᠬᠡᠮᠵᠢᠶ᠎ᠡ ᠠᠴᠠ ᠦᠨᠳᠦᠷ ᠪᠤᠯᠵᠠᠢ︔ ᠰᠠᠭᠤᠷᠢ ᠮᠥᠩᠭᠦ ᠶᠢᠨ ᠦᠯᠡᠳᠡᠪᠦᠷᠢ 192.38 ᠳ᠋ᠦᠩᠰᠢᠭᠤᠷ ᠲᠥᠭᠦᠷᠢᠭ ᠲᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠦᠯᠡᠳᠡᠪᠦᠷᠢ ᠶᠢᠨ ᠪᠠᠷᠤᠭ 45% ᠠᠴᠠ ᠳᠡᠭᠡᠭᠰᠢᠬᠢ ᠶᠢ ᠡᠵᠡᠯᠡᠵᠦ᠂ ᠤᠷᠳᠤᠰ ᠬᠤᠳᠠ ᠶᠢᠨ ᠠᠷᠠᠳ ᠤᠨ ᠠᠮᠢᠳᠤᠷᠠᠯ ᠢ ᠪᠠᠲᠤᠯᠠᠬᠤ ᠬᠤᠷᠢᠭ᠎ᠠ ᠱᠤᠭᠤᠮ ᠢ ᠤᠯᠠᠮ ᠨᠢᠭᠡ ᠠᠯᠬᠤᠮ ᠪᠠᠬᠢᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠣᠯᠭᠤᠬᠤ ᠪᠠ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠳᠤ ᠦᠨᠳᠦᠰᠦᠨ ᠪᠠᠲᠤᠯᠠᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号