ᠴᠠᠭᠠᠨ ᠰᠠᠷ᠎ᠠ ᠶᠢᠨ ᠬᠤᠭᠤᠴᠠᠭᠠᠨ ᠳᠤ ᠥᠪᠥᠷ ᠮᠣᠩᠭᠤᠯ 24.34 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2018/2/23
     ᠴᠠᠭᠠᠨ ᠰᠠᠷ᠎ᠠ ᠶᠢᠨ ᠠᠮᠠᠷᠠᠯᠲᠠ ᠳᠠᠭᠤᠰᠤᠯ᠎ᠠ᠂ ᠪᠠᠶᠠᠷ ᠤᠨ ᠡᠳᠦᠷ ᠤᠨ ᠬᠤᠭᠤᠴᠠᠭᠠᠨ ᠳᠤ ᠥᠪᠥᠷ ᠮᠣᠩᠭᠤᠯ ᠵᠢᠭᠤᠯᠴᠢᠯᠠᠭᠴᠢᠳ ᠢ 462.15 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 30.16% ᠨᠡᠮᠡᠭᠳᠡᠵᠦ︔ 24.34 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 36.09% ᠨᠡᠮᠡᠭᠳᠡᠪᠡ᠃ ᠬᠦᠯᠢᠶᠡᠨ ᠠᠪᠤᠭᠰᠠᠨ ᠵᠢᠭᠤᠯᠴᠢᠯᠠᠭᠴᠢᠳ ᠤᠨ ᠲᠤᠭ᠎ᠠ ᠪᠣᠯᠣᠨ ᠣᠷᠣᠯᠭ᠎ᠠ ᠨᠢ ᠴᠦᠮ ᠰᠢᠷᠦᠭᠦᠨ ᠨᠡᠮᠡᠭᠳᠡᠵᠦ᠂ ᠬᠤᠳᠠ ᠶᠢᠨ ᠡᠷᠬᠢᠨ ᠲᠣᠭᠤᠷᠢᠨ ᠢᠶᠠᠷ ᠵᠢᠭᠤᠯᠴᠢᠯᠠᠬᠤ ᠪᠠ ᠡᠪᠦᠯ ᠤᠨ ᠤᠯᠠᠷᠢᠯ ᠤᠨ ᠮᠥᠰᠥ ᠴᠠᠰᠤᠨ ᠤ ᠵᠢᠭᠤᠯᠴᠢᠯᠠᠯ ᠤᠨ ᠵᠠᠮ ᠱᠤᠭᠤᠮ ᠵᠢᠭᠤᠯᠴᠢᠯᠠᠭᠴᠢᠳ ᠤᠨ ᠬᠦᠷᠢᠶᠡᠯᠡᠯ ᠢ ᠣᠯᠤᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠠᠮᠢᠳᠤᠷᠠᠯ ᠤᠨ ᠬᠢᠷᠢ ᠲᠥᠪᠰᠢᠨ ᠳᠡᠭᠡᠭᠰᠢᠯᠡᠭᠰᠡᠨ᠂ ᠬᠡᠷᠡᠭᠯᠡᠭᠡᠨ ᠤ ᠦᠵᠡᠯᠲᠡ  ᠬᠤᠪᠢᠷᠠᠭᠰᠠᠨ ᠵᠢᠴᠢ ᠣᠯᠠᠨ ᠨᠡᠶᠢᠲᠡ ᠶᠢᠨ ᠵᠠᠮ ᠬᠠᠷᠢᠯᠴᠠᠭ᠎ᠠ ᠡᠳᠦᠷ ᠢᠷᠡᠬᠦᠶ᠎ᠡ ᠳᠥᠭᠦᠮ ᠳᠥᠲᠡ ᠪᠣᠯᠣᠭᠰᠠᠨ ᠢᠶᠠᠷ᠂ ᠴᠠᠭᠠᠨ ᠰᠠᠷ᠎ᠠ ᠶᠢᠨ ᠬᠤᠭᠤᠴᠠᠭᠠᠨ ᠳᠤ ᠰᠤᠯᠠ ᠵᠣᠴᠢᠨ ᠪᠠ ᠭᠡᠷ ᠪᠦᠯᠢ ᠪᠠᠷ ᠨᠢᠭᠡᠴᠢ ᠪᠣᠯᠭᠠᠭᠰᠠᠨ ᠠᠷᠠᠳ ᠤᠨ ᠵᠠᠩ ᠳᠠᠳᠬᠠᠯ ᠤᠨ ᠮᠥᠷᠭᠦᠯ ᠤᠨ ᠠᠶᠠᠯᠠᠯ᠂ ᠰᠢᠨ᠎ᠡ ᠵᠢᠯ ᠤᠨ ᠪᠠᠶᠠᠷ ᠤᠨ ᠰᠡᠯᠡᠭᠦᠴᠡᠯ ᠤᠨ ᠵᠢᠭᠤᠯᠴᠢᠯᠠᠯ ᠨᠢ ᠵᠠᠬ᠎ᠠ ᠳᠡᠯᠭᠡᠭᠦᠷ ᠤᠨ ᠭᠤᠣᠯ ᠤᠷᠤᠰᠬᠠᠯ ᠪᠣᠯᠵᠠᠢ᠃ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠂ ᠥᠨᠳᠥᠷ ᠬᠤᠷᠳᠤᠴᠠᠲᠤ ᠵᠠᠮ ᠬᠠᠷᠢᠯᠴᠠᠨ ᠨᠡᠪᠲᠡᠷᠡᠯᠴᠡᠭᠰᠡᠨ ᠪᠠ ᠡᠯᠧᠺᠲᠷᠣᠨ ᠬᠤᠳᠠᠯᠳᠤᠭᠠᠨ ᠤ ᠲᠠᠪᠴᠠᠩ ᠵᠡᠷᠭᠡ ᠢᠳᠡᠪᠬᠢ ᠬᠦᠴᠦᠨ ᠵᠦᠢᠯ ᠤᠨ ᠲᠦᠯᠬᠢᠴᠡ ᠳᠣᠣᠷ᠎ᠠ᠂ ᠭᠡᠷ ᠪᠦᠯᠢ ᠪᠠᠷ ᠨᠢᠭᠡᠴᠢ ᠪᠣᠯᠭᠠᠭᠰᠠᠨ ᠬᠤᠪᠢ ᠶᠢᠨ ᠮᠠᠰᠢᠨ ᠢᠶᠠᠷ ᠢᠶᠠᠨ ᠵᠢᠭᠤᠯᠴᠢᠯᠠᠬᠤ ᠨᠢ ᠪᠠᠰᠠ ᠭᠤᠣᠯᠯᠠᠬᠤ ᠬᠡᠯᠪᠡᠷᠢ ᠪᠣᠯᠵᠠᠢ᠃
     ᠴᠠᠭᠠᠨ ᠰᠠᠷ᠎ᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠪᠠᠶᠠᠨᠨᠠᠭᠤᠷ ᠬᠤᠲᠠ 2018 ᠣᠨ ᠤ ᠴᠠᠭᠠᠨ ᠰᠠᠷ᠎ᠠ ᠶᠢ ᠤᠭᠲᠤᠬᠤ ᠳ᠋ᠧᠩ ᠤᠨ ᠴᠤᠭᠯᠠᠭᠠᠨ ᠡᠷᠬᠢᠯᠡᠭᠡᠳ᠂ ᠭᠦᠨ ᠵᠣᠵᠠᠭᠠᠨ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠨᠢ ᠦᠢ ᠤᠯᠠᠨ ᠵᠢᠭᠤᠯᠴᠢᠯᠠᠭᠴᠢᠳ ᠤᠨ ᠪᠠᠭ᠋ᠠᠷᠬᠠᠯ ᠢ ᠲᠠᠲᠠᠭᠰᠠᠨ ᠪᠠᠶᠢᠨ᠎ᠠ᠃      ᠥᠪᠥᠷ ᠮᠣᠩᠭᠤᠯ ᠤᠨ ᠵᠢᠭᠤᠯᠴᠢᠯᠠᠯ ᠤᠨ ᠬᠥᠭᠵᠢᠭᠦᠯᠦᠯᠲᠡ ᠶᠢᠨ ᠵᠥᠪᠯᠡᠯ ᠴᠠᠭᠠᠨ ᠰᠠᠷ᠎ᠠ ᠠᠴᠠ ᠡᠮᠦᠨ᠎ᠡ ᠮᠡᠳᠡᠭᠳᠡᠯ ᠪᠠᠭᠤᠯᠭᠠᠵᠤ᠂ ᠪᠦᠬᠦ ᠣᠷᠣᠨ ᠤ ᠡᠯ᠎ᠡ ᠱᠠᠲᠤᠨ ᠤ ᠵᠢᠭᠤᠯᠴᠢᠯᠠᠯ ᠤᠨ ᠰᠠᠯᠠᠭ᠎ᠠ ᠮᠥᠴᠢᠷ ᠵᠢᠴᠢ ᠵᠢᠭᠤᠯᠴᠢᠯᠠᠯ ᠳᠤ ᠬᠤᠯᠪᠣᠭᠳᠠᠬᠤ ᠡᠯ᠎ᠡ ᠨᠢᠭᠡᠴᠡ ᠳᠤ ᠬᠠᠮᠢᠶ᠎ᠠ ᠪᠦᠬᠦᠢ ᠠᠵᠢᠯ ᠤᠨ ᠲᠥᠰᠦᠯ ᠪᠣᠯᠣᠨ ᠵᠢᠭᠤᠯᠴᠢᠯᠠᠯ ᠤᠨ ᠠᠵᠤ ᠠᠬᠤᠶᠢᠯᠠᠯ ᠤᠨ ᠭᠡᠨᠡᠳᠲᠡ ᠶᠢᠨ ᠬᠡᠷᠡᠭ ᠪᠠᠴᠢᠮ ᠪᠠᠶᠢᠳᠠᠯ ᠢ ᠠᠷᠭᠠᠴᠠᠬᠤ ᠲᠦᠰᠥᠪ ᠲᠣᠭᠲᠠᠭᠠᠵᠤ᠂ ᠬᠠᠷᠢᠭᠤᠴᠠᠯᠭ᠎ᠠ ᠪᠦᠬᠦᠢ ᠨᠢᠭᠡᠴᠡ ᠪᠣᠯᠣᠨ ᠬᠠᠷᠢᠭᠤᠴᠠᠯᠭᠠᠲᠠᠨ ᠢ ᠲᠣᠲᠣᠷᠬᠠᠶᠢᠯᠠᠨ᠂ ᠠᠮᠠᠷᠠᠯᠲᠠ ᠶᠢᠨ ᠡᠳᠦᠷ ᠤᠨ ᠵᠢᠭᠤᠯᠴᠢᠯᠠᠯ ᠤᠨ ᠡᠯ᠎ᠡ ᠵᠦᠢᠯ ᠤᠨ ᠠᠵᠢᠯ ᠡᠮᠬᠢ ᠵᠢᠷᠤᠮ ᠲᠠᠢ ᠪᠠᠷ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃ ᠴᠠᠭᠠᠨ ᠰᠠᠷ᠎ᠠ ᠶᠢᠨ ᠬᠤᠭᠤᠴᠠᠭᠠᠨ ᠳᠤ᠂ ᠪᠦᠬᠦ ᠣᠷᠣᠨ ᠳᠤ ᠬᠦᠨᠳᠦ ᠨᠣᠴᠢᠲᠠᠶ ᠵᠢᠭᠤᠯᠴᠢᠯᠠᠯ ᠤᠨ ᠵᠠᠭᠠᠯᠳᠤᠯᠭ᠎ᠠ ᠪᠣᠯᠣᠨ ᠠᠮᠤᠷ ᠲᠥᠪᠰᠢᠨ ᠤ ᠡ᠊ᠨᠳᠡᠯ ᠭᠠᠷᠤᠭᠰᠠᠨ ᠦᠭᠡᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号