2 ᠳ᠋ᠤᠭᠠᠷ ᠰᠠᠷ᠎ᠠ ᠶᠢᠨ 22 ᠤᠨ ᠡᠳᠦᠷ᠂ ᠪᠦᠬᠦ ᠤᠷᠤᠨ ᠤ ᠬᠠᠳᠤᠨ ᠭᠤᠤᠯ ᠤᠨ ᠰᠦᠩ ᠬᠠᠯᠢᠶ᠎ᠠ ᠶᠢ | ᠰᠡᠷᠬᠡᠶᠢᠯᠡᠭᠦ ᠠᠵᠢᠯ ᠤᠨ ᠬᠤᠷᠠᠯ ᠪᠤᠭᠤᠳᠤ ᠬᠤᠳᠠ ᠳᠤ ᠬᠤᠷᠠᠯᠳᠤᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠢ | ᠡᠷᠬᠢᠯᠡᠭᠦ ᠶᠢᠨ ᠬᠠᠮᠳᠤ ᠶᠠᠷᠢᠶ᠎ᠠ ᠲᠠᠯᠪᠢᠪᠠ᠃ | ᠪᠦ᠋ ᠰᠢᠶᠤᠤ ᠯᠢᠨ ᠵᠢᠭᠠᠵᠤ ᠭᠠᠷᠭᠠᠭᠰᠠᠨ ᠨᠢ᠂ ᠬᠠᠳᠤᠨ ᠭᠤᠤᠯ ᠤᠨ ᠰᠦᠩ ᠬᠠᠯᠢᠶ᠎ᠠ ᠶᠢ ᠰᠡᠷᠬᠡᠶᠢᠯᠡᠭᠦ ᠠᠵᠢᠯ | ᠠᠷᠠᠳ ᠤᠯᠠᠨ ᠤ ᠠᠮᠢ ᠨᠠᠰᠤ ᠪᠠ ᠡᠳ᠋ ᠬᠦᠷᠦᠩᠭᠡ ᠶᠢᠨ ᠠᠮᠤᠷ ᠲᠦᠪᠰᠢᠨ ᠲᠠᠢ ᠬᠤᠯᠪᠤᠬᠳᠠᠨ᠎ᠠ᠂ ᠬᠠᠳᠤᠨ ᠭᠤᠤᠯ | ᠲᠠᠭᠠᠤ ᠶᠢᠨ ᠡᠯ᠎ᠠ ᠭᠠᠵᠠᠷ ᠤᠷᠤᠨ᠂ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠨᠢᠭᠡᠴᠡ ᠰᠦᠩ ᠬᠠᠯᠢᠶ᠎ᠠ ᠶᠢ | ᠰᠡᠷᠬᠡᠶᠢᠯᠡᠭᠦ ᠠᠵᠢᠯ ᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠭᠠᠵᠤ᠂ ᠨᠠᠷᠢᠨ ᠨᠢᠮᠪᠠᠢ ᠪᠠᠶᠢᠷᠢᠯᠠᠭᠤᠯᠤᠨ᠂ | ᠪᠦᠬᠦ ᠬᠦᠴᠦᠨ ᠢᠶᠠᠷ ᠢᠶᠠᠨ ᠴᠢᠷᠮᠠᠶᠢᠵᠤ᠂ ᠦᠴᠦᠬᠡᠨ ᠴᠦ ᠣᠰᠣᠯ ᠠᠳᠡᠯ ᠦᠭᠡᠢ ᠪᠠᠶᠢᠬᠤ ᠶᠢ ᠪᠠᠳᠤᠯᠠᠬᠤ ᠬᠡᠷᠡᠭᠳᠡᠢ᠃ | ᠰᠦᠩ ᠬᠠᠯᠢᠶ᠎ᠠ ᠶᠢ ᠰᠡᠷᠬᠡᠶᠢᠯᠡᠭᠦ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠡᠶᠢᠳᠡᠪᠦᠷᠢᠵᠢᠭᠤᠯᠵᠤ᠂ ᠦᠶᠡᠷ | ᠣᠰᠣᠳᠣᠯ ᠢ ᠰᠡᠷᠬᠡᠶᠢᠯᠡᠭᠦ ᠪᠡᠯᠡᠳᠭᠡᠯ ᠠᠷᠭ᠎ᠠ ᠬᠡᠮᠵᠢᠶ᠎ᠠ ᠶᠢ ᠴᠢᠩᠭᠠᠷᠠᠭᠤᠯᠵᠤ᠂ ᠭᠤᠤᠯ ᠤᠨ ᠵᠠᠮ ᠤᠨ ᠪᠠᠷᠢᠯᠭ᠎ᠠ ᠶᠢᠨ | ᠬᠡᠮ ᠰᠤᠭᠤᠭ ᠢ ᠪᠠᠶᠢᠴᠠᠭᠠᠬᠤ ᠠᠵᠢᠯ ᠢ ᠴᠢᠩᠭᠠᠳᠬᠠᠵᠤ᠂ ᠰᠦᠩ ᠬᠠᠯᠢᠶ᠎ᠠ ᠶᠢᠨ ᠠᠮᠤᠷ ᠲᠦᠪᠰᠢᠨ ᠤ ᠬᠡᠮ ᠰᠤᠭᠤᠭ | ᠢ ᠲᠦᠢᠯᠪᠦᠷᠢᠳᠡᠢ ᠠᠷᠢᠯᠭᠠᠬᠤ ᠬᠡᠷᠡᠭᠳᠡᠢ᠃ ᠬᠢᠨᠠᠨ ᠬᠡᠮᠵᠢᠵᠤ ᠤᠷᠢᠳᠴᠢᠯᠡᠨ ᠮᠡᠳᠡᠭᠡᠯᠡᠭᠦ ᠪᠠ ᠪᠠᠴᠢᠮ ᠪᠠᠶᠢᠳᠠᠯ ᠢ | ᠠᠷᠭᠠᠴᠠᠬᠤ ᠠᠵᠢᠯ ᠢ ᠴᠢᠩᠭᠠᠷᠠᠭᠤᠯᠵᠤ᠂ ᠭᠤᠤᠯᠳᠠᠯᠭ᠎ᠠ ᠲᠠᠢ ᠤᠷᠤᠰᠬᠠᠯ ᠤᠨ ᠬᠡᠰᠡᠭ᠂ ᠭᠤᠤᠯᠳᠠᠯᠭ᠎ᠠ ᠲᠠᠢ ᠤᠷᠤᠨ | ᠪᠠᠶᠢᠷᠢ ᠶᠢ ᠲᠤᠭᠤᠷᠢᠨ ᠪᠠᠶᠢᠴᠠᠭᠠᠵᠤ ᠰᠡᠷᠬᠡᠶᠢᠯᠡᠨ ᠰᠠᠬᠢᠬᠤ ᠬᠦᠴᠦᠨ ᠢᠶᠠᠨ ᠴᠢᠩᠭᠠᠳᠬᠠᠬᠤ ᠬᠡᠷᠡᠭᠳᠡᠢ᠃ ᠡᠯ᠎ᠠ | ᠬᠠᠮᠢᠶ᠎ᠠ ᠪᠦᠬᠦᠢ ᠰᠠᠯᠠᠭ᠎ᠠ ᠮᠦᠴᠢᠷ ᠪᠠ ᠨᠢᠭᠡᠴᠡ ᠨᠢᠬᠳᠠ ᠬᠠᠮᠵᠢᠯᠴᠠᠵᠣ᠂ ᠴᠡᠷᠢᠭ ᠠᠩᠬᠢ ᠤᠷᠤᠨ ᠨᠤᠳᠤᠭ | ᠬᠠᠮᠳᠣᠷᠠᠨ ᠬᠦᠳᠡᠯᠦᠯᠴᠡᠵᠦ᠂ ᠰᠦᠩ ᠬᠠᠯᠢᠶ᠎ᠠ ᠶᠢ ᠰᠡᠷᠬᠡᠶᠢᠯᠡᠵᠤ ᠭᠠᠮᠰᠢᠭ ᠠᠴᠠ ᠠᠪᠤᠷᠠᠬᠤ ᠠᠵᠢᠯ ᠢ ᠬᠠᠮᠳᠤᠪᠡᠷ | ᠰᠠᠶᠢᠳᠤᠷ ᠬᠢᠭᠦ ᠬᠡᠷᠡᠭᠳᠡᠢ᠃ ᠠᠮᠤᠷ ᠲᠦᠪᠰᠢᠨ ᠢᠶᠠᠷ ᠬᠦᠭᠵᠢᠭᠦᠯᠭᠦ ᠣᠨᠣᠯᠵᠢᠬᠤᠨ ᠢ ᠤᠬᠠᠮᠰᠠᠷ ᠠᠴᠠ ᠪᠠᠨ | ᠦᠢᠯᠡᠳᠦᠯᠭᠡᠵᠢᠭᠦᠯᠵᠤ᠂ ᠭᠠᠮᠰᠢᠭ ᠤᠨ ᠲᠦᠭᠰᠢᠭᠦᠷᠢ ᠶᠢ ᠬᠠᠮᠢᠶᠠᠷᠬᠤ ᠪᠠ ᠭᠠᠮᠰᠢᠭ ᠢ ᠶᠡᠷᠦᠩᠬᠡᠶᠢᠯᠡᠨ ᠪᠠᠭᠠᠰᠬᠠᠬᠤ | ᠣᠨᠣᠯᠵᠢᠬᠤᠨ ᠢ ᠦᠢᠯᠡᠳᠦᠯᠭᠡᠵᠢᠭᠦᠯᠵᠤ᠂ ᠪᠦᠳᠦᠮᠵᠢᠳᠡᠢ ᠠᠷᠭ᠎ᠠ ᠬᠡᠮᠵᠢᠶ᠎ᠠ ᠠᠪᠴᠤ᠂ ᠭᠠᠮᠰᠢᠭ ᠢ ᠰᠡᠷᠬᠡᠶᠢᠯᠡᠭᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠪᠠᠨ ᠲᠠᠰᠤᠷᠠᠯᠳᠠ ᠦᠭᠡᠢ ᠲᠡᠭᠡᠭᠰᠢᠯᠡᠭᠦᠯᠭᠦ ᠬᠡᠷᠡᠭᠳᠡᠢ | ᠭᠡᠵᠡᠢ᠃ | ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠪᠦᠬᠦ ᠤᠷᠤᠨ ᠭᠤᠤᠯ ᠮᠦᠷᠡᠨ ᠤ ᠲᠠᠷᠤᠭ᠎ᠠ ᠶᠢᠨ ᠲᠦᠷᠢᠮ᠂ | ᠨᠠᠭᠤᠷ ᠴᠦᠬᠦᠷᠦᠮ ᠤᠨ ᠳᠠᠷᠤᠭ᠎ᠠ ᠶᠢᠨ ᠳᠦᠷᠢᠮ ᠢ ᠳᠡᠯᠭᠡᠷᠡᠭᠦᠯᠦᠨ ᠬᠡᠷᠡᠭᠵᠢᠭᠦᠯᠦᠭᠡᠳ ᠱᠠᠳᠤᠴᠢ ᠴᠢᠨᠠᠷᠳᠠᠢ ᠦᠷ᠎ᠠ | ᠪᠦᠳᠦᠮᠵᠢ ᠤᠯᠪᠠ᠂ ᠴᠢᠨᠠᠬᠰᠢᠳᠠ ᠲᠦᠰᠦᠯ ᠢᠶᠠᠨ ᠨᠠᠷᠢᠯᠢᠬᠵᠢᠭᠤᠯᠤᠨ᠂ ᠠᠷᠭ᠎ᠠ ᠬᠡᠮᠵᠢᠶ᠎ᠠ ᠪᠠᠨ ᠴᠢᠩᠭᠠᠷᠠᠭᠤᠯᠵᠤ᠂ | ᠬᠠᠷᠢᠭᠤᠴᠠᠯᠭ᠎ᠠ ᠲᠤᠳᠤᠷᠬᠠᠢ᠂ ᠵᠤᠬᠢᠴᠠᠭᠤᠯᠭ᠎ᠠ ᠡᠮᠬᠢ ᠵᠢᠷᠤᠮ ᠲᠠᠢ᠂ ᠬᠢᠨᠠᠯᠳᠠ ᠬᠠᠮᠢᠶᠠᠷᠤᠯᠳᠠ ᠴᠢᠩᠭ᠎ᠠ᠂ | ᠬᠠᠮᠠᠭᠠᠯᠠᠬᠤ ᠬᠦᠴᠦᠨ ᠲᠠᠢ ᠭᠤᠤᠯ ᠮᠦᠷᠡᠨ ᠨᠠᠭᠤᠷ ᠴᠦᠬᠦᠷᠦᠮ ᠢ ᠬᠠᠮᠢᠶᠠᠷᠤᠨ ᠬᠠᠮᠠᠭᠠᠯᠠᠬᠤ ᠲᠦᠷᠢᠮ ᠢ | ᠪᠠᠶᠢᠭᠤᠯᠬᠤ ᠬᠡᠷᠡᠭᠳᠡᠢ᠃ ᠭᠤᠤᠯ ᠮᠦᠷᠡᠨ ᠨᠠᠭᠤᠷ ᠴᠦᠬᠦᠷᠦᠮ ᠢ ᠬᠠᠮᠢᠶᠠᠷᠤᠨ ᠬᠠᠮᠠᠭᠠᠯᠠᠬᠤ ᠳᠣᠮᠳᠠᠬᠢ ᠲᠤᠪᠤᠶᠢᠮ᠎ᠠ | ᠠᠰᠠᠭᠤᠳᠠᠯ ᠳᠤ ᠴᠢᠭᠯᠡᠭᠦᠯᠦᠨ᠂ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠵᠤᠬᠢᠶᠠᠨ ᠪᠠᠶᠢᠭᠤᠯᠦᠨ ᠦᠷᠨᠢᠭᠦᠯᠵᠤ᠂ | ᠤᠰᠤᠨ ᠤ ᠲᠥᠪᠰᠢᠨ ᠢ ᠡᠵᠡᠯᠡᠭᠰᠡᠨ᠂ ᠭᠤᠤᠯ ᠤᠨ ᠡᠷᠬᠢ ᠶᠢ ᠲᠤᠷ᠎ᠠ ᠪᠠᠷ ᠡᠵᠡᠯᠡᠭᠰᠡᠨ᠂ ᠪᠠᠷᠢᠮᠵᠢᠶ᠎ᠠ ᠠᠴᠠ | ᠬᠡᠳᠦᠷᠡᠳᠡᠯ᠎ᠠ ᠪᠤᠬᠢᠷᠳᠤᠯ ᠪᠣᠳᠠᠰ ᠭᠠᠳᠠᠬᠰᠢᠯᠠᠭᠤᠯᠤᠬᠰᠠᠨ᠂ ᠬᠠᠤᠯᠢ ᠪᠤᠰᠤ ᠪᠠᠷ ᠡᠯᠡᠰᠦ ᠮᠠᠯᠳᠠᠬᠰᠠᠨ ᠵᠢᠴᠢ ᠭᠤᠤᠯ | ᠮᠦᠷᠡᠨ ᠨᠠᠭᠤᠷ ᠴᠦᠬᠦᠷᠦᠮ ᠤᠨ ᠬᠠᠮᠢᠶᠠᠷᠤᠯᠳᠠ ᠶᠢᠨ ᠬᠡᠪᠴᠢᠶᠡᠨ ᠳᠤ ᠲᠤᠬᠳᠠᠭᠠᠯ ᠠᠴᠠ ᠵᠦᠷᠢᠴᠡᠨ ᠪᠠᠷᠢᠯᠭ᠎ᠠ | ᠪᠠᠶᠢᠭᠤᠯᠤᠬᠰᠠᠨ᠂ ᠪᠤᠵᠠᠷ ᠰᠢᠷᠤᠢ ᠬᠤᠭ ᠨᠤᠪᠰᠢ ᠬᠠᠶᠠᠭᠰᠠᠨ ᠵᠡᠷᠭᠡ ᠠᠷᠠᠳ ᠤᠯᠠᠨ ᠤ ᠴᠢᠩᠭ᠎ᠠ ᠲᠤᠰᠬᠠᠯ ᠲᠠᠢ | ᠪᠠᠶᠢᠭ᠎ᠠ ᠲᠤᠪᠤᠶᠢᠮ᠎ᠠ ᠠᠰᠠᠭᠤᠳᠠᠯ ᠢ ᠭᠤᠤᠯᠳᠠᠯᠭ᠎ᠠ ᠲᠠᠢ ᠴᠡᠭᠴᠡᠯᠡᠨ ᠵᠠᠰᠠᠵᠤ᠂ ᠤᠯᠠᠨ ᠲᠦᠮᠡᠨ ᠳᠤ ᠭᠤᠤᠯ ᠮᠦᠷᠡᠡ | ᠨᠠᠭᠤᠷ ᠴᠦᠬᠦᠷᠦᠮ ᠤᠨ ᠲᠦᠷᠰᠦ ᠪᠠᠶᠢᠳᠠᠯ ᠪᠠ ᠠᠮᠢ ᠠᠬᠤᠢ ᠶᠢᠨ ᠤᠷᠴᠢᠨ ᠲᠤᠭᠤᠷᠢᠨ ᠰᠠᠶᠢᠵᠢᠷᠠᠭᠰᠠᠨ ᠭᠡᠳᠡᠭ ᠢ | ᠦᠨᠡᠨᠭᠦ ᠮᠡᠳᠡᠷᠡᠭᠦᠯᠭᠦ ᠬᠡᠷᠡᠭᠳᠡᠢ᠃ ᠬᠠᠳᠤᠨ ᠭᠤᠤᠯ ᠲᠠᠭᠠᠤ ᠶᠢᠨ ᠡᠯ᠎ᠠ ᠠᠶᠢᠮᠠᠭ ᠬᠤᠳᠠ ᠭᠤᠤᠯ ᠮᠦᠷᠡᠨ ᠤ | ᠲᠠᠷᠤᠭ᠎ᠠ ᠶᠢᠨ ᠲᠦᠷᠢᠮ ᠢ ᠬᠡᠷᠡᠭᠵᠢᠭᠦᠯᠭᠦ ᠲᠠᠯ᠎ᠠ ᠪᠠᠷ ᠵᠢᠱᠢᠶ᠎ᠠ ᠦᠵᠡᠭᠦᠯᠬᠦ ᠬᠡᠷᠡᠭᠳᠡᠢ ᠭᠡᠵᠡᠢ᠃ | ᠬᠤᠷᠠᠯ ᠠᠴᠠ ᠡᠮᠦᠨ᠎ᠠ᠂ ᠪᠦ᠋ ᠰᠢᠶᠤᠤ ᠯᠢᠨ ᠬᠠᠳᠤᠨ ᠭᠤᠤᠯ ᠤᠨ ᠪᠤᠭᠤᠳᠤ ᠶᠢᠨ ᠬᠡᠰᠡᠭ ᠲᠤ ᠬᠦᠷᠴᠤ᠂ | ᠬᠠᠳᠤᠨ ᠭᠤᠤᠯ ᠤᠨ ᠰᠦᠩ ᠬᠠᠯᠢᠶ᠎ᠠ ᠶᠢ ᠰᠡᠷᠬᠡᠶᠢᠯᠡᠭᠦ ᠪᠡᠯᠡᠳᠭᠡᠯ ᠠᠵᠢᠯ ᠢ ᠳᠣᠬᠠᠢ ᠶᠢᠨ ᠭᠠᠵᠠᠷ ᠲᠤᠨᠢ ᠪᠠᠶᠢᠴᠠᠭᠠᠨ | ᠦᠵᠡᠪᠡ᠃ ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠵᠠᠩ ᠶᠤᠸᠠᠨ ᠵᠦᠩ᠂ ᠯᠢ ᠪᠢᠩ ᠷᠦᠩ ᠬᠤᠷᠠᠯ ᠳᠤ | ᠤᠷᠤᠯᠴᠠᠪᠠ᠃ ᠦᠪᠡᠷᠳᠡᠭᠡᠨ ᠵᠠᠰᠠᠬᠤ ᠤᠷᠤᠨ ᠤ ᠦᠶᠡᠷ ᠢ ᠰᠡᠷᠬᠡᠶᠢᠯᠡᠵᠦ ᠭᠠᠩ ᠲᠠᠢ ᠲᠡᠮᠡᠴᠡᠭᠦ ᠵᠢᠯᠤᠭᠤᠳᠬᠤ | ᠭᠠᠵᠠᠷ᠂ ᠦᠪᠦᠷ ᠮᠤᠩᠭᠤᠯ ᠤᠨ ᠴᠡᠷᠢᠭ ᠤᠨ ᠲᠤᠭᠤᠷᠢᠭ᠂ ᠵᠡᠪᠰᠡᠭᠳᠦ ᠴᠠᠬᠳᠠᠭ᠎ᠠ ᠶᠢᠨ ᠦᠪᠦᠷ ᠮᠤᠩᠭᠤᠯ ᠤᠨ | ᠶᠡᠷᠦᠩᠬᠡᠢ ᠠᠩᠬᠢ ᠶᠢᠨ ᠬᠠᠷᠢᠭᠤᠴᠠᠯᠭᠠᠳᠠᠨ ᠨᠠᠷ ᠦᠭᠡ ᠬᠡᠯᠡᠵᠡᠢ᠃ ᠬᠠᠳᠤᠨ ᠭᠤᠤᠯ ᠲᠠᠭᠠᠤ ᠶᠢᠨ ᠡᠯ᠎ᠠ ᠠᠶᠢᠮᠠᠭ | ᠬᠤᠳᠠ᠂ ᠬᠠᠮᠢᠶ᠎ᠠ ᠪᠦᠬᠦᠢ ᠲᠢᠩᠬᠢᠮ ᠲᠤᠪᠴᠢᠶ᠎ᠠ ᠶᠢᠨ ᠬᠠᠷᠢᠭᠤᠴᠠᠯᠭᠠᠳᠠᠨ ᠨᠦᠬᠦᠳ ᠬᠤᠷᠠᠯ ᠳᠤ ᠤᠷᠤᠯᠴᠠᠵᠠᠢ᠃ |