2017 ᠣᠨ ᠳᠤ ᠮᠠᠨ ᠤ ᠣᠷᠣᠨ ᠤ ᠮᠡᠷᠭᠡᠵᠢᠯ ᠤᠨ ᠵᠠᠬ᠎ᠠ ᠳᠡᠯᠭᠡᠭᠦᠷ ᠡᠯ᠎ᠡ ᠳᠦᠷᠦᠯ ᠤᠨ ᠮᠡᠷᠭᠡᠵᠢᠯ ᠢ | 3766 ᠵᠦᠢᠯ ᠠᠷᠠᠯᠵᠢᠶᠠᠯᠠᠵᠤ᠂ ᠠᠳᠠᠯᠢ ᠬᠤᠭᠤᠴᠠᠭᠠᠨ ᠤ ᠬᠢ ᠠᠴᠠ 38.92% ᠨᠡᠮᠡᠭᠳᠡᠪᠡ︔ ᠭᠡᠷ᠎ᠡ ᠶᠢᠨ | ᠮᠥᠩᠭᠦ ᠶᠢ 162.79 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ12.9% | ᠨᠡᠮᠡᠭᠳᠡᠪᠡ᠃ | ᠪᠦᠬᠦ ᠣᠷᠣᠨ ᠤ ᠡᠯ᠎ᠡ ᠭᠠᠵᠠᠷ ᠤᠨ ᠬᠤᠭᠤᠷᠣᠨᠳᠣᠬᠢ ᠠᠷᠠᠯᠵᠢᠶ᠎ᠠ ᠪᠦᠲᠦᠭᠰᠡᠨ ᠮᠡᠷᠭᠡᠵᠢᠯ 491 ᠵᠦᠢᠯ | ᠪᠠᠶᠢᠵᠤ᠂ ᠭᠡᠷ᠎ᠡ ᠶᠢᠨ ᠮᠥᠩᠭᠦ ᠶᠢ 14.28 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 35.1% ᠨᠡᠮᠡᠭᠳᠡᠵᠡᠢ︔ ᠣᠷᠣᠨ ᠤ ᠭᠠᠳᠠᠨ᠎ᠠ ᠭᠠᠷᠭᠠᠭᠰᠠᠨ ᠡᠯ᠎ᠡ ᠲᠥᠷᠥᠯ ᠤᠨ | ᠮᠡᠷᠭᠡᠵᠢᠯ 187 ᠵᠦᠢᠯ ᠪᠠᠶᠢᠵᠤ᠂ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠭᠡᠳ ᠣᠯᠣᠭᠰᠠᠨ ᠮᠥᠩᠭᠦ 5. | 33 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠨᠢᠭᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠲᠤᠰ | ᠲᠤᠰ 240% ᠪᠠ 260.14% ᠨᠡᠮᠡᠭᠳᠡᠪᠡ︔ ᠣᠷᠣᠨ ᠤ ᠭᠠᠳᠠᠨ᠎ᠠ ᠠᠴᠠ ᠰᠢᠩᠭᠡᠭᠡᠵᠦ ᠠᠪᠤᠭᠰᠠᠨ ᠡᠯ᠎ᠡ | ᠲᠥᠷᠥᠯ ᠤᠨ ᠮᠡᠷᠭᠡᠵᠢᠯ 3088 ᠵᠦᠢᠯ ᠪᠠᠶᠢᠵᠤ᠂ 143.18 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ | ᠠᠳᠠᠯᠢ ᠬᠤᠭᠤᠴᠠᠭᠠᠨ ᠤ ᠬᠢ ᠠᠴᠠ ᠲᠤᠰ ᠲᠤᠰ 46.63% ᠪᠠ 8.35% ᠨᠡᠮᠡᠭᠳᠡᠪᠡ᠃ | 2017 ᠣᠨ ᠳᠤ ᠮᠠᠨ ᠤ ᠣᠷᠣᠨ ᠤ ᠮᠡᠷᠭᠡᠵᠢᠯ ᠤᠨ ᠠᠷᠠᠯᠵᠢᠶ᠎ᠠ ᠰᠣᠯᠢᠯᠴᠠᠭ᠎ᠠ ᠳᠤ 5 ᠣᠨᠴᠠᠯᠢᠭ | ᠢᠯᠡᠷᠡᠭᠰᠡᠨ ᠪᠠᠶᠢᠨ᠎ᠠ᠃ ᠨᠢᠭᠡ ᠳᠤ᠂ ᠠᠵᠤ ᠠᠬᠤᠶᠢᠯᠠᠯ ᠤᠳ ᠮᠠᠨ ᠤ ᠣᠷᠣᠨ ᠤ ᠮᠡᠷᠭᠡᠵᠢᠯ ᠤᠨ ᠠᠷᠠᠯᠵᠢᠶ᠎ᠠ | ᠰᠣᠯᠢᠯᠴᠠᠭᠠᠨ ᠤ ᠬᠠᠮᠤᠭ ᠤᠨ ᠶᠡᠭᠡ ᠬᠤᠳᠠᠯᠳᠤᠭᠴᠢ ᠪᠣᠯᠵᠤ᠂ 2017 ᠣᠨ ᠳᠤ ᠪᠦᠬᠦ ᠣᠷᠣᠨ ᠤ ᠡᠯ᠎ᠡ | ᠲᠥᠷᠥᠯ ᠤᠨ ᠠᠵᠤ ᠠᠬᠤᠶᠢᠯᠠᠯ ᠤᠨ 366 ᠵᠦᠢᠯ ᠤᠨ ᠮᠡᠷᠭᠡᠵᠢᠯ ᠭᠠᠷᠭᠠᠵᠤ᠂ ᠮᠡᠷᠭᠡᠵᠢᠯ ᠢ ᠰᠢᠯᠵᠢᠭᠦᠯᠦᠨ | ᠤᠯᠠᠷᠢᠭᠤᠯᠤᠭᠰᠠᠨ ᠮᠥᠩᠭᠦ ᠨᠢ 18.68 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 78.24% ᠨᠡᠮᠡᠭᠳᠡᠵᠡᠢ︔ ᠬᠤᠶᠠᠷ ᠲᠤ᠂ ᠤᠯᠤᠰ ᠤᠨ ᠪᠠᠲᠤᠯᠠᠨ ᠬᠠᠮᠠᠭᠠᠯᠠᠯᠲᠠ᠂ | ᠲᠠᠷᠢᠶᠠᠯᠠᠩ ᠤᠢ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠬᠥᠭᠵᠢᠯᠲᠡ ᠪᠣᠯᠣᠨ ᠣᠷᠴᠢᠨ | ᠲᠣᠭᠤᠷᠢᠨ ᠤ ᠬᠠᠮᠠᠭᠠᠯᠠᠯᠲᠠ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠵᠢᠴᠢ ᠪᠣᠬᠢᠷᠲᠤᠯ ᠢ ᠰᠡᠷᠭᠡᠶᠢᠯᠡᠨ ᠵᠠᠰᠠᠬᠤ | ᠮᠡᠷᠭᠡᠵᠢᠯ ᠨᠢ 2017 ᠣᠨ ᠤ ᠪᠦᠬᠦ ᠣᠷᠣᠨ ᠤ ᠮᠡᠷᠭᠡᠵᠢᠯ ᠤᠨ ᠦᠢᠯᠡᠴᠢᠯᠡᠭᠡ ᠬᠦᠯᠢᠶᠡᠨ ᠠᠪᠬᠤ ᠪᠠ ᠰᠢᠯᠵᠢᠭᠦᠯᠬᠦ | ᠨᠡᠶᠢᠭᠡᠮ ᠠᠵᠤ ᠠᠬᠤᠶ ᠶᠢᠨ ᠬᠠᠷᠠᠯᠲᠠ ᠶᠢᠨ ᠲᠦᠷᠦᠭᠦᠦ ᠭᠤᠷᠪᠠ ᠳᠤ ᠵᠢᠭᠰᠠᠭᠠᠭᠳᠠᠵᠤ᠂ ᠦᠢᠯᠡᠴᠢᠯᠡᠭᠡᠨ ᠤ | ᠮᠡᠷᠭᠡᠵᠢᠯ ᠨᠢ ᠲᠤᠰ ᠲᠤᠰ 192 ᠵᠦᠢᠯ᠂ 159 ᠵᠦᠢᠯ ᠪᠠ 91 ᠵᠦᠢᠯ ᠪᠣᠯᠵᠠᠢ︔ ᠭᠤᠷᠪᠠ ᠳᠤ᠄ ᠣᠷᠣᠨ ᠤ | ᠭᠠᠳᠠᠨ᠎ᠠ ᠳᠤ ᠭᠠᠷᠭᠠᠭᠰᠠᠨ ᠮᠡᠷᠭᠡᠵᠢᠯ ᠵᠢᠯ ᠳᠠᠷᠠᠭᠠᠯᠠᠨ ᠨᠡᠮᠡᠭᠳᠡᠵᠦ᠂ 2017 ᠣᠨ ᠳᠤ ᠮᠠᠨ ᠤ ᠣᠷᠣᠨ ᠤ ᠭᠠᠳᠠᠭᠰᠢ | ᠭᠠᠷᠭᠠᠭᠰᠠᠨ ᠮᠡᠷᠭᠡᠵᠢᠯ ᠨᠢ 18 ᠮᠤᠵᠢ᠂ ᠬᠤᠲᠠ᠂ ᠥᠪᠡᠷᠲᠡᠭᠡᠨ ᠵᠠᠰᠠᠬᠤ ᠣᠷᠣᠨ ᠢ ᠪᠦᠷᠬᠦᠵᠦ᠂ ᠡᠭᠦᠨ ᠳᠤ | ᠮᠠᠨ ᠤ ᠣᠷᠣᠨ ᠤ ᠮᠡᠷᠭᠡᠵᠢᠯ ᠤᠨ ᠵᠦᠢᠯ ᠢ ᠣᠷᠣᠭᠤᠯᠤᠭᠰᠠᠨ ᠲᠤᠭ᠎ᠠ ᠪᠠᠷ ᠲᠦᠷᠦᠭᠦᠦ ᠭᠤᠷᠪᠠ ᠳᠤ ᠣᠷᠣᠵᠤ ᠪᠠᠶᠢᠭ᠎ᠠ | ᠨᠢ ᠱᠠᠨᠰᠢ ᠮᠤᠵᠢ᠂ ᠪᠡᠭᠡᠵᠢᠩ ᠬᠤᠲᠠ ᠪᠣᠯᠤᠨ ᠰᠧᠴᠤᠸᠠᠨ ᠮᠤᠵᠢ ᠪᠠᠶᠢᠵᠤ᠂ ᠮᠠᠨ ᠤ ᠣᠷᠣᠨ ᠤ ᠮᠡᠷᠭᠡᠵᠢᠯ ᠢ ᠲᠤᠰ | ᠲᠤᠰ 102 ᠵᠦᠢᠯ᠂ 36 ᠵᠦᠢᠯ ᠪᠠ 11 ᠵᠦᠢᠯ ᠣᠷᠣᠭᠤᠯᠵᠤ᠂ ᠠᠳᠠᠯᠢ ᠬᠤᠭᠤᠴᠠᠭᠠᠨ ᠤ ᠬᠢ ᠲᠠᠢ | ᠠᠳᠠᠯᠢᠳᠬᠠᠪᠠᠯ᠂ ᠱᠠᠨᠰᠢ ᠮᠤᠵᠢ ᠶᠢᠨ ᠬᠢ ᠳᠡᠭᠡᠷ᠎ᠡ ᠵᠢᠯ ᠤᠨ ᠬᠢ ᠠᠴᠠ 12 ᠳᠠᠬᠢᠨ ᠢᠯᠡᠭᠦᠦ ᠨᠡᠮᠡᠭᠳᠡᠵᠦ᠂ ᠪᠡᠭᠡᠵᠢᠩ | ᠬᠤᠲᠠ ᠶᠢᠨ ᠬᠢ 140% ᠨᠡᠮᠡᠭᠳᠡᠵᠦ᠂ ᠰᠧᠴᠤᠸᠠᠨ ᠮᠤᠵᠢ ᠶᠢᠨ ᠬᠢ 450% ᠨᠡᠮᠡᠭᠳᠡᠵᠡᠢ᠃ ᠳᠥᠷᠪᠡ ᠳᠤ᠂ | ᠣᠷᠣᠨ ᠤ ᠭᠠᠳᠠᠨ᠎ᠠ ᠠᠴᠠ ᠰᠢᠩᠭᠡᠭᠡᠨ ᠠᠪᠤᠭᠰᠠᠨ ᠮᠡᠷᠭᠡᠵᠢᠯ ᠤᠨ ᠦᠢᠯᠡᠴᠢᠯᠡᠭᠡᠨ ᠤ ᠬᠦᠷᠢᠶ᠎ᠡ ᠲᠥᠪᠯᠡᠷᠡᠩᠭᠦᠢ ᠪᠠᠶᠢᠵᠤ᠂ | ᠡᠯᠧᠺᠲᠷᠣᠨ ᠮᠡᠳᠡᠭᠡ ᠵᠠᠩᠭᠢ ᠶᠢᠨ ᠬᠦᠷᠢᠶ᠎ᠡ᠂ ᠰᠢᠨ᠎ᠡ ᠡᠨᠧᠷᠭᠢ ᠬᠢᠭᠡᠳ ᠦᠨᠳᠦᠷ ᠪᠦᠲᠦᠮᠵᠢᠲᠦ ᠡᠨᠧᠷᠭᠢ ᠠᠷᠪᠢᠯᠠᠬᠤ | ᠬᠦᠷᠢᠶ᠎ᠡ ᠪᠠ ᠣᠷᠴᠢᠨ ᠲᠣᠭᠤᠷᠢᠨ ᠢ ᠬᠠᠮᠠᠭᠠᠯᠠᠬᠤ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠦᠷᠢᠶ᠎ᠡ ᠵᠡᠷᠭᠡ | ᠭᠤᠷᠪᠠᠨ ᠲᠦᠷᠦᠯ ᠤᠨ ᠮᠡᠷᠭᠡᠵᠢᠯ ᠤᠨ ᠬᠦᠷᠢᠶᠡᠨ ᠳᠤ ᠣᠷᠣᠭᠤᠯᠤᠭᠰᠠᠨ ᠲᠥᠷᠥᠯ ᠵᠦᠢᠯ ᠨᠢ ᠣᠷᠣᠨ ᠤ | ᠭᠠᠳᠠᠨ᠎ᠠ ᠠᠴᠠ ᠰᠢᠩᠭᠡᠭᠡᠨ ᠣᠷᠣᠭᠤᠯᠤᠭᠰᠠᠨ ᠮᠡᠷᠭᠡᠵᠢᠯ ᠤᠨ ᠬᠠᠭᠠᠰ ᠢ ᠡᠵᠡᠯᠡᠵᠦ᠂ 62.69% ᠳᠤ ᠬᠦᠷᠴᠡᠶ︔ | ᠲᠠᠪᠤ ᠳᠤ᠂ ᠣᠷᠣᠨ ᠤ ᠭᠠᠳᠠᠨᠠᠬᠢ ᠠᠴᠠ ᠣᠷᠣᠭᠤᠯᠤᠭᠰᠠᠨ ᠮᠡᠷᠭᠡᠵᠢᠯ ᠤᠨ ᠲᠤᠲᠤᠷ᠎ᠠ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠤᠪᠢ ᠶᠢᠨ ᠵᠢᠩ ᠨᠡᠮᠡᠭᠳᠡᠵᠦ᠂ 2017 ᠣᠨ ᠳᠤ ᠪᠦᠬᠦ ᠣᠷᠣᠨ ᠤ | ᠣᠷᠣᠭᠤᠯᠤᠭᠰᠠᠨ ᠮᠡᠷᠭᠡᠵᠢᠯ ᠠᠴᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠤᠯᠪᠣᠭᠳᠠᠭᠰᠠᠨ | ᠮᠡᠷᠭᠡᠵᠢᠯ 842 ᠵᠦᠢᠯ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.48 %ᠨᠡᠮᠡᠭᠳᠡᠵᠡᠶ︔ | ᠣᠷᠣᠭᠤᠯᠤᠭᠰᠠᠨ ᠠᠷᠠᠯᠵᠢᠶ᠎ᠠ ᠰᠣᠯᠢᠯᠴᠠᠭᠠᠨ ᠤ ᠮᠥᠩᠭᠦ ᠨᠢ 67.08 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 43.76% ᠨᠡᠮᠡᠭᠳᠡᠵᠡᠢ᠃ |