ᠡᠨᠡ ᠵᠢᠯ ᠪᠠᠶᠠᠨᠨᠠᠭᠤᠷ ᠬᠤᠲᠠ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ 500 ᠺᠢᠯᠣᠮᠧᠲᠷ ᠰᠢᠨ᠎ᠡ ᠪᠠᠷ ᠳᠡᠪᠢᠰᠬᠦ ᠪᠤᠶᠤ ᠥᠭᠡᠷᠡᠴᠢᠯᠡᠨ ᠵᠠᠰᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2018/2/24
      ᠡᠨᠡ ᠵᠢᠯ᠂ ᠪᠠᠶᠠᠨᠨᠠᠭᠤᠷ ᠬᠤᠲᠠ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ 500 ᠺᠢᠯᠣᠮᠧᠲᠷ ᠵᠠᠰᠠᠵᠦ᠂ 5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠵᠠᠮ ᠬᠠᠷᠢᠯᠴᠠᠭᠠᠨ ᠤ ᠲᠦᠰᠢᠭ ᠲᠤᠯᠭᠠᠭᠤᠷᠢ ᠣᠯᠭᠤᠬᠤ ᠪᠠᠷ ᠪᠠᠶᠢᠨ᠎ᠠ᠃ ᠡᠨᠡ ᠵᠢᠯ ᠪᠠᠶᠠᠨᠨᠠᠭᠤᠷ ᠬᠤᠲᠠ ᠵᠠᠮ ᠬᠠᠷᠢᠯᠴᠠᠭᠠᠨ ᠤ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠳᠤ ᠪᠠᠰᠠ ᠤᠯᠤᠰ ᠤᠨ ᠵᠠᠮ ᠤᠨ 242 ᠭᠠᠭᠴᠠ ᠮᠣᠳᠣ ᠠᠴᠠ ᠯᠢᠨᠾᠧ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠢ ᠲᠦᠷᠭᠡᠪᠴᠢᠯᠡᠨ ᠵᠠᠰᠠᠵᠦ᠂ ᠵᠢᠯ ᠤᠨ ᠳᠣᠲᠣᠷ᠎ᠠ ᠲᠡᠷᠭᠡ ᠨᠡᠪᠲᠡᠷᠡᠭᠦᠯᠦᠨ ᠠᠶᠠᠯᠠᠭᠤᠯᠵᠤ᠂ ᠯᠢᠨᠾᠧ ᠪᠠᠷ ᠥᠩᠭᠡᠷᠡᠬᠦ ᠬᠡᠰᠡᠭ ᠤᠨ ᠠᠵᠢᠯ ᠢ ᠵᠢᠯ ᠤᠨ ᠳᠣᠲᠣᠷ᠎ᠠ ᠡᠬᠢᠯᠡᠨ ᠪᠥᠳᠥᠭᠡᠨ ᠪᠠᠶᠢᠭᠤᠯᠵᠤ᠂ ᠤᠯᠤᠰ ᠤᠨ ᠵᠠᠰᠠᠮᠠᠯ ᠵᠠᠮ 242᠎ ᠢ ᠪᠠᠶᠠᠨᠨᠠᠭᠤᠷ ᠬᠤᠲᠠ ᠶᠢᠨ ᠬᠢᠯᠢ ᠳᠣᠲᠣᠷᠡᠬᠢ ᠪᠦᠬᠦ ᠱᠤᠭᠤᠮ ᠢᠶᠠᠷ ᠲᠡᠷᠭᠡ ᠨᠡᠪᠲᠡᠷᠡᠭᠦᠯᠦᠨ᠎ᠡ᠃ ᠤᠯᠤᠰ ᠤᠨ ᠵᠠᠮ 335᠂ ᠤᠯᠤᠰ ᠤᠨ ᠵᠠᠮ 331᠎ ᠶᠢᠨ ᠪᠠᠶᠠᠨᠨᠠᠭᠤᠷ ᠬᠤᠲᠠ ᠶᠢᠨ ᠬᠢᠯᠢ ᠳᠣᠲᠣᠷᠡᠬᠢ ᠬᠡᠰᠡᠭ ᠵᠡᠷᠭᠡ ᠶᠢ ᠦᠷᠭᠦᠯᠵᠢᠯᠡᠨ ᠪᠦᠲᠦᠭᠡᠨ ᠪᠠᠶᠢᠭᠤᠯᠬᠤ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠣᠨ ᠤ ᠪᠥᠳᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠭᠠᠭᠴᠠ ᠮᠣᠳᠣ ᠠᠴᠠ ᠬᠠᠯᠢᠭᠤᠲᠤ ᠪᠠᠷ ᠥᠩᠭᠡᠷᠡᠨ ᠮᠤᠨᠢ ᠠᠭᠤᠯᠨ ᠳᠤ ᠬᠦᠷᠬᠦ ᠵᠠᠰᠠᠮᠠᠯ ᠵᠠᠮ ᠢ ᠲᠦᠷᠭᠡᠳᠬᠡᠨ ᠠᠬᠢᠭᠤᠯᠵᠤ᠂ ᠭᠠᠭᠴᠠ ᠮᠣᠳᠣ ᠠᠴᠠ ᠬᠠᠯᠢᠭᠤᠲᠤ ᠬᠦᠷᠬᠦ ᠬᠡᠰᠡᠭ ᠢ ᠤᠷᠢᠳᠠᠪᠠᠷ ᠵᠠᠰᠠᠨ᠎ᠡ᠃ ᠤᠯᠤᠰ ᠤᠨ ᠵᠠᠮ 110᠎ ᠤᠨ ᠪᠠᠶᠠᠨᠨᠠᠭᠤᠷ ᠬᠤᠲᠠ ᠶᠢᠨ ᠬᠢᠯᠢ ᠳᠣᠲᠣᠷᠡᠬᠢ ︽ᠬᠤᠶᠠᠷ ᠢ ᠥᠭᠡᠷᠡᠴᠢᠯᠡᠵᠦ ᠨᠢᠭᠡ ᠪᠣᠯᠭᠠᠬᠤ︾ ᠢᠨᠵᠧᠨᠧᠷᠢᠩ ᠪᠠ ᠮᠤᠵᠢ ᠶᠢᠨ ᠵᠠᠮ 311᠎ ᠶᠢᠨ ᠪᠥᠳᠥᠭᠡᠨ ᠪᠠᠶᠢᠭᠤᠯᠤᠯᠲᠠ ᠠᠴᠠ ᠴᠠ ᠰᠦ ᠭᠸᠦ ᠳᠤ ᠬᠦᠷᠬᠦ ᠬᠡᠰᠡᠭ᠂ ᠮᠤᠵᠢ ᠶᠢᠨ ᠵᠠᠮ 215᠎ ᠶᠢᠨ ᠥ ᠪᠤᠯᠠᠭ ᠠᠴᠠ ᠰᠢᠨ ᠠᠨ ᠳᠤ ᠬᠦᠷᠬᠦ ᠬᠡᠰᠡᠭ ᠵᠡᠷᠭᠡ ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ ᠶᠢᠨ ᠲᠥᠷᠥᠯ ᠵᠦᠢᠯ ᠢ ᠲᠦᠷᠭᠡᠳᠬᠡᠨ ᠠᠬᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号