ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠪᠦᠷᠢᠨᠰᠢᠭᠦᠯᠬᠦ ᠶᠢᠨ | ᠲᠤᠰᠠᠳᠠ᠂ 2017 ᠣᠨ ᠤ ᠤᠯᠠᠮ ᠨᠢᠭᠡ ᠠᠯᠬᠤᠮ ᠤᠨ ᠴᠢᠷᠮᠠᠶᠢᠯᠭ᠎ᠠ ᠪᠠᠷ ᠳᠠᠮᠵᠢᠭᠠᠳ᠂ ᠪᠦᠬᠦ ᠣᠷᠣᠨ ᠤ ᠡᠯ᠎ᠡ | ᠱᠠᠲᠤᠨ ᠤ ᠵᠠᠰᠠᠭ ᠤᠨ ᠣᠷᠳᠣᠨ ᠴᠥᠮ ᠥᠷᠢ ᠥᠭᠴᠡᠭᠡ ᠶᠢᠨ ᠬᠠᠮᠢᠶᠠᠷᠤᠯᠲᠠ ᠶᠢ ᠵᠢᠷᠤᠮᠵᠢᠭᠤᠯᠬᠤ᠂ ᠮᠥᠩᠭᠦᠨ | ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠤᠳᠤᠷᠢᠳᠬᠤ ᠳᠤᠭᠤᠶᠢᠯᠠᠩ ᠪᠠᠶᠢᠭᠤᠯᠵᠤ᠂ ᠵᠠᠰᠠᠭ ᠤᠨ ᠣᠷᠳᠣᠨ ᠤ | ᠥᠷᠢ ᠥᠭᠴᠡᠭᠡ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠯ ᠪᠣᠯᠤᠨ ᠢᠵᠢ | ᠲᠥᠬᠦᠷ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠪᠥᠬᠦ ᠣᠷᠣᠨ ᠨᠤᠲᠤᠭ ᠤᠨ ᠵᠠᠰᠠᠭ ᠤᠨ ᠣᠷᠳᠣᠨ ᠤ | ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠬᠦ ᠲᠠᠯ᠎ᠠ ᠪᠠᠷ ᠴᠢᠬᠤᠯᠠ ᠨᠢᠭᠡ ᠠᠯᠬᠤᠮ ᠢ ᠠᠯᠬᠤᠪᠠ᠃ | ᠶᠠᠭᠤᠨ ᠤ ᠡᠮᠦᠨ᠎ᠡ ᠥᠷᠢ ᠥᠭᠴᠡᠭᠡ ᠶᠢᠨ ᠨᠡᠮᠡᠭᠳᠡᠯ ᠢ ᠴᠢᠩᠭ᠎ᠠ ᠬᠢᠵᠠᠭᠠᠷᠯᠠᠪᠠ᠃ ᠪᠦᠳᠦᠭᠡᠨ ᠪᠠᠶᠢᠭᠤᠯᠵᠤ | ᠪᠠᠶᠢᠭ᠎ᠠ ᠪᠠ ᠪᠠᠶᠢᠭᠤᠯᠬᠤ ᠪᠠᠷ ᠲᠥᠯᠥᠪᠯᠡᠵᠦ ᠪᠠᠶᠢᠭ᠎ᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ | ᠵᠦᠢᠯ ᠢ ᠪᠦᠭᠦ ᠲᠠᠯ᠎ᠠ ᠪᠠᠷ ᠡᠮᠬᠢᠯᠡᠨ ᠲᠢᠭᠯᠡᠵᠤ᠂ ᠨᠢᠭᠡ ᠪᠦᠯᠦᠭ ᠲᠥᠷᠥᠯ ᠵᠦᠢᠯ ᠤᠨ ᠪᠠᠷᠢᠯᠭ᠎ᠠ ᠶᠢ ᠨᠢ ᠵᠣᠭᠰᠣᠭᠠᠬᠤ᠂ | ᠬᠤᠶᠢᠰᠢᠯᠠᠭᠤᠯᠤᠠ ᠪᠠᠶᠢᠭᠤᠯᠬᠤ ᠪᠣᠶᠣ ᠴᠥᠭᠡᠳᠬᠡᠪᠡ︔ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠤᠭ᠎ᠠ | ᠬᠡᠮᠵᠢᠶ᠎ᠡ ᠶᠢ ᠬᠢᠵᠠᠭᠠᠷᠯᠠᠬᠤ ᠬᠠᠮᠢᠶᠠᠷᠤᠯᠲᠠ ᠪᠠ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠵᠢᠭᠡᠯᠡᠯᠭᠡ | ᠠᠪᠬᠤ ᠪᠡᠯᠡ ᠲᠣᠬᠢᠷᠠᠭᠤᠯᠬᠤ ᠵᠢᠷᠤᠮᠵᠢᠭᠰᠠᠨ ᠲᠣᠭᠲᠠᠴᠠ ᠶᠢ ᠪᠠᠶᠢᠭᠤᠯᠪᠠ︔ ᠪᠡᠯᠡ ᠲᠣᠬᠢᠷᠠᠭᠤᠯᠬᠤ ᠲᠠᠪᠴᠠᠩ | ᠺᠣᠮᠫᠠᠨᠢ ᠶᠢᠨ ᠵᠠᠬ᠎ᠠ ᠳᠡᠯᠭᠡᠭᠦᠷᠴᠢᠯᠡᠬᠦ ᠬᠡᠯᠪᠡᠷᠢ ᠶᠢᠨ ᠬᠤᠪᠢᠷᠠᠭᠤᠯᠤᠯᠲᠠ ᠶᠢ ᠲᠦᠷᠭᠡᠳᠬᠡᠵᠦ᠂ ᠡᠯ᠎ᠡ ᠵᠦᠢᠯ ᠤᠨ | ᠬᠡᠯᠪᠡᠷᠢ ᠶᠢ ᠨᠢ ᠥᠭᠡᠷᠡᠲᠡᠭᠦᠯᠦᠨ ᠥᠷᠢ ᠲᠠᠯᠪᠢᠬᠤ ᠶᠢ ᠴᠢᠩᠭ᠎ᠠ ᠴᠠᠭᠠᠵᠠᠯᠠᠪᠠ᠃ ᠳᠠᠷᠠᠭ᠎ᠠ ᠳᠤᠨᠢ᠂ ᠳᠠᠷᠤᠭᠳᠠᠵᠤ | ᠪᠠᠶᠢᠭ᠎ᠠ ᠥᠷᠢ ᠥᠭᠴᠡᠭᠡ ᠶᠢ ᠢᠳᠡᠪᠬᠢᠲᠡᠶ ᠠᠷᠢᠯᠭᠠᠪᠠ᠃ ᠵᠠᠰᠠᠭ ᠤᠨ ᠣᠷᠳᠣᠨ ᠤ ᠦᠯᠡᠳᠡᠵᠦ ᠪᠠᠶᠢᠭ᠎ᠠ | ᠥᠭᠴᠡᠭᠡ ᠶᠢ 915.7 ᠳ᠋ᠦᠩᠰᠢᠭᠤᠷ ᠲᠥᠭᠦᠷᠢᠭ ᠲᠥᠯᠥᠵᠦ᠂ ᠵᠠᠰᠠᠭ ᠤᠨ ᠣᠷᠳᠣᠨ ᠤ ᠬᠦᠦ ᠮᠥᠩᠭᠦᠨ ᠤ | ᠡᠭᠦᠷᠭᠡᠯᠡᠯ ᠢ 30 ᠳ᠋ᠦᠩᠰᠢᠭᠤᠷ ᠲᠥᠭᠦᠷᠢᠭ ᠬᠥᠩᠭᠡᠯᠡᠪᠠ︔ ᠵᠠᠰᠠᠭ ᠤᠨ ᠣᠷᠳᠣᠨ ᠤ ᠥᠷᠢ ᠥᠭᠴᠡᠭᠡ ᠶᠢᠨ | ᠰᠠᠭᠤᠷᠢ ᠲᠤᠭ᠎ᠠ ᠶᠢ ᠦᠨᠳᠦᠰᠦᠨ ᠳᠡᠭᠡᠨ ᠲᠣᠳᠣᠷᠬᠠᠶᠢᠯᠠᠵᠤ᠂ ᠥᠭᠴᠡᠭᠡᠲᠤ ᠪᠡᠯᠡ ᠣᠷᠣᠭᠤᠯᠤᠯᠲᠠ ᠶᠢᠨ ᠲᠥᠷᠥᠯ | ᠵᠦᠢᠯ ᠳᠤ ᠪᠦᠷᠢᠯᠳᠦᠭᠦᠯᠦᠭᠰᠡᠨ ᠬᠦᠷᠦᠩᠭᠡ ᠶᠢ ᠪᠠᠶᠢᠴᠠᠭᠠᠨ ᠲᠣᠳᠣᠷᠬᠠᠶᠢᠯᠠᠵᠤ᠂ ᠥᠷᠢ ᠥᠭᠴᠡᠭᠡ ᠲᠦᠯᠦᠬᠦ | ᠬᠠᠷᠢᠭᠤᠴᠠᠯᠭ᠎ᠠ ᠶᠢ ᠢᠯᠭᠠᠷᠠᠭᠤᠯᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠲᠥᠰᠦᠯ ᠪᠠ ᠡᠭᠡ | ᠲᠡᠩᠰᠠ ᠶᠢ ᠱᠠᠳᠤ ᠳᠠᠷᠠᠭᠠᠯᠠᠨ ᠲᠣᠭᠲᠠᠭᠠᠵᠠᠶ᠃ ᠡᠭᠦᠨ ᠤ ᠬᠠᠮᠲᠤ᠂ ᠵᠠᠰᠠᠭ ᠤᠨ ᠣᠷᠳᠣᠨ ᠤ ᠥᠷᠢ ᠥᠭᠴᠡᠭᠡ ᠶᠢ | ᠬᠢᠨᠠᠨ ᠡᠵᠡᠮᠳᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠦᠭᠰᠢᠭᠦᠷᠢ ᠶᠢ ᠦᠨᠡᠯᠡᠨ ᠵᠢᠱᠢᠵᠦ | ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠲᠦᠭᠰᠢᠭᠦᠷᠢ ᠶᠢ ᠪᠠᠴᠢᠮ | ᠠᠷᠭᠠᠴᠠᠨ ᠰᠢᠢᠳᠪᠦᠷᠢᠯᠡᠬᠦ ᠲᠥᠰᠦᠯ ᠵᠡᠷᠭᠡ ᠶᠢ ᠲᠣᠭᠲᠠᠭᠠᠵᠠᠶ᠃ |