2 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠦᠷᠭᠡᠳᠭᠡᠭᠰᠡᠨ ᠬᠤᠷᠠᠯ ᠬᠤᠷᠠᠯᠳᠤᠭᠤᠯᠵᠤ᠂ ︽ᠲᠤᠮᠳᠠᠳᠤ ᠤᠯᠤᠰ | ᠤᠨ ᠡᠪ ᠬᠠᠮᠳᠤ ᠨᠠᠮ ᠤᠨ ᠲᠦᠪ ᠬᠤᠷᠢᠶ᠎ᠠ ᠶᠢᠨ ᠶᠠᠩ ᠵᠢᠩ ᠨᠦᠬᠦᠷ ᠤᠨ ᠰᠠᠬᠢᠯᠭ᠎ᠠ ᠪᠠᠳᠤ ᠠᠴᠠ ᠬᠦᠨᠳᠦ ᠨᠤᠴᠢᠳᠠᠢ | ᠵᠦᠷᠢᠴᠡᠭᠰᠡᠨ ᠠᠰᠠᠭᠤᠳᠠᠯ ᠵᠢᠴᠢ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠵᠠᠷᠯᠠᠯ︾ ᠢ ᠤᠯᠠᠮᠵᠢᠯᠠᠨ ᠰᠤᠷᠤᠯᠴᠠᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠵᠡᠢ᠃ | ᠬᠤᠷᠠᠯ ᠠᠴᠠ ᠵᠢᠭᠠᠬᠰᠠᠨ ᠨᠢ᠂ ᠨᠠᠮ ᠤᠨ ᠲᠦᠪ ᠬᠤᠷᠢᠶ᠎ᠠ ᠶᠢᠨ ᠶᠠᠩ ᠵᠢᠩ ᠨᠦᠬᠦᠷ ᠤᠨ ᠰᠠᠬᠢᠯᠭ᠎ᠠ | ᠪᠠᠳᠤ ᠠᠴᠠ ᠬᠦᠨᠳᠦ ᠨᠤᠴᠢᠳᠠᠢ ᠵᠦᠷᠢᠴᠡᠭᠰᠡᠨ ᠠᠰᠠᠭᠤᠳᠠᠯ ᠢ ᠰᠢᠢᠳᠪᠦᠷᠢᠯᠡᠭᠦ ᠲᠤᠬᠳᠠᠭᠠᠯ ᠨᠢ᠂ ᠮᠠᠨ ᠤ ᠨᠠᠮ ᠤᠨ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠳᠠᠯᠠᠬᠤ ᠡᠷᠡᠰ ᠪᠠᠳᠤ ᠡᠷᠴᠢ ᠵᠤᠷᠢᠭ ᠪᠠ ᠢᠯᠠ ᠲᠤᠳᠤ ᠤᠪᠤᠷ ᠢ | ᠭᠦᠢᠴᠡᠳ ᠢᠯᠡᠷᠡᠭᠦᠯᠵᠤ᠂ ᠮᠠᠨ ᠤ ᠨᠠᠮ ᠤᠨ ᠤᠷᠢᠳᠤᠬᠢ ᠶᠢ ᠵᠠᠯᠬᠠᠭᠠᠵᠤ ᠬᠤᠶᠢᠰᠢᠬᠢ ᠳᠤ ᠴᠡᠭᠡᠷᠯᠡᠯ ᠪᠤᠯᠭᠠᠬᠤ᠂ | ᠡᠪᠡᠳᠴᠢᠨ ᠢ ᠨᠢ ᠵᠠᠰᠠᠵᠤ ᠡᠳᠡᠭᠡᠷᠡᠭᠦᠯᠦᠨ ᠠᠪᠬᠤ ᠢᠮᠠᠭᠳᠠ ᠶᠢᠨ ᠴᠢᠭᠯᠡᠯᠳᠡ ᠶᠢ ᠲᠤᠤᠱᠯᠠᠭᠤᠯᠵᠤ᠂ ᠨᠠᠮ ᠤᠨ | ᠰᠠᠬᠢᠯᠭ᠎ᠠ ᠪᠠᠳᠤ ᠶᠢᠨ ᠲᠦᠪ ᠴᠢᠩᠭ᠎ᠠ ᠴᠢᠨᠠᠷ ᠢ ᠬᠠᠮᠠᠭᠠᠯᠠᠬᠤ᠂ ︽ᠵᠠᠩᠬᠢᠯᠠᠭ᠎ᠠ ᠶᠢᠨ ᠴᠦᠭᠡᠨ ᠲᠤᠭᠠᠳᠠᠨ︾ ᠢ | ᠬᠠᠮᠢᠶᠠᠷᠬᠤ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠭᠦ ᠳᠤ ᠴᠢᠬᠤᠯᠠ ᠠᠴᠢ ᠬᠤᠯᠪᠤᠬᠳᠠᠯ ᠲᠠᠢ ᠬᠡᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠤᠷᠤᠨ ᠤ ᠡᠯ᠎ᠠ ᠱᠠᠳᠤᠨ ᠤ ᠨᠠᠮ ᠤᠨ ᠵᠤᠬᠢᠶᠠᠨ | ᠪᠠᠶᠢᠭᠤᠯᠤᠯᠳᠠ ᠪᠠ ᠨᠠᠮ ᠤᠨ ᠬᠡᠰᠢᠭᠦᠨ ᠤᠳᠤᠷᠢᠳᠬᠤ ᠺᠠᠳ᠋ᠷᠴᠤᠳ ᠶᠠᠩ ᠵᠢᠩ ᠨᠦᠬᠦᠷ ᠤᠨ ᠰᠠᠬᠢᠯᠭ᠎ᠠ ᠪᠠᠳᠤ ᠠᠴᠠ | ᠬᠦᠨᠳᠦ ᠨᠤᠴᠢᠳᠠᠢ ᠵᠦᠷᠢᠴᠡᠭᠰᠡᠨ ᠬᠡᠷᠡᠭ ᠠᠴᠠ ᠰᠤᠷᠭᠠᠮᠵᠢ ᠠᠪᠴᠤ᠂ ᠬᠠᠷᠢᠴᠠᠭᠤᠯᠤᠨ ᠡᠷᠭᠢᠴᠡᠭᠦᠯᠵᠦ᠂ | ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶ᠎ᠠ ᠶᠢᠨ ᠵᠤᠷᠢᠭ ᠰᠠᠨᠠᠭ᠎ᠠ | ᠳᠡᠭᠡᠷ᠎ᠡ ᠨᠢᠭᠡᠳᠭᠡᠬᠦ ᠬᠡᠷᠡᠭᠳᠡᠢ᠃ ︽ᠲᠦᠷᠪᠡᠨ ᠤᠬᠠᠮᠰᠠᠷ︾ ᠢᠶᠠᠨ ᠴᠢᠩᠭᠠᠷᠠᠭᠤᠯᠵᠤ᠂ ᠲᠤᠭ ᠲᠡᠮᠳᠡᠭ | ᠲᠤᠳᠤᠷᠬᠠᠢ ᠪᠠᠷ ᠤᠯᠤᠰ ᠲᠦᠷᠦ ᠶᠢ ᠡᠷᠬᠢᠮᠯᠡᠵᠤ᠂ ᠡᠷᠡᠰ ᠪᠠᠳᠣ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ | ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ | ᠬᠤᠷᠢᠶ᠎ᠠ ᠲᠠᠢ ᠲᠡᠭᠡᠳᠦ ᠬᠡᠮᠵᠢᠶ᠎ᠠ ᠪᠠᠷ ᠨᠢᠭᠡᠳᠦᠯᠳᠡᠢ ᠪᠠᠶᠢᠬᠤ ᠬᠡᠷᠡᠭᠳᠡᠢ᠃ ᠨᠠᠮᠴᠢ ᠴᠢᠨᠠᠷ ᠤᠨ ᠬᠡᠪ ᠪᠤᠯᠪᠠᠰᠤᠷᠠᠯ ᠢᠶᠠᠨ | ᠴᠢᠩᠭᠠᠳᠬᠠᠵᠤ᠂ ︽ᠠᠪᠠ︾ ᠶᠢᠨ ᠲᠦᠭᠰᠢᠭᠦᠷᠢ ᠶᠢ ᠲᠡᠭᠡᠳᠦ ᠬᠡᠮᠵᠢᠶ᠎ᠠ ᠪᠠᠷ ᠰᠡᠷᠡᠮᠵᠢᠯᠡᠵᠤ᠂ ᠠᠯᠪᠠᠨ ᠤ ᠪᠠ ᠬᠤᠪᠢᠨ | ᠤ ᠵᠠᠭᠠᠭ ᠱᠤᠭᠤᠮ ᠢ ᠲᠤᠳᠤᠷᠬᠠᠢ ᠪᠠᠶᠢᠯᠭᠠᠬᠤ ᠬᠡᠷᠡᠭᠳᠡᠢ᠃ ᠬᠡᠷ ᠤᠨ ᠬᠦᠮᠦᠵᠢᠯ ᠬᠡᠷ ᠤᠨ ᠰᠤᠷᠳᠠᠯ ᠢᠶᠠᠨ | ᠴᠢᠩᠳᠠᠯᠠᠵᠤ᠂ ᠲᠦᠷᠦᠯ ᠰᠠᠳᠤᠨ ᠪᠠ ᠲᠡᠷᠬᠡᠳᠡᠬᠢ ᠠᠵᠢᠯᠳᠠᠨ ᠢᠶᠠᠨ ᠰᠠᠶᠢᠳᠤᠷ ᠬᠠᠮᠢᠶᠠᠷᠴᠤ᠂ ᠠᠷᠢᠭᠤᠨ ᠴᠢᠭᠡᠴᠢ ᠪᠠᠷ | ᠦᠪᠡᠷ ᠢ ᠪᠠᠨ ᠱᠠᠭᠠᠷᠳᠠᠵᠤ᠂ ᠠᠷᠢᠭᠤᠨ ᠴᠢᠭᠡᠴᠢ ᠪᠠᠷ ᠬᠡᠷ ᠢᠶᠠᠨ ᠵᠠᠰᠠᠬᠤ ᠬᠡᠷᠡᠭᠳᠡᠢ᠃ ᠠᠷᠠᠳ ᠲᠦᠮᠡᠨ ᠤ | ᠵᠤᠬᠰᠤᠯᠳᠠ ᠶᠢ ᠪᠠᠷᠢᠮᠳᠠᠯᠠᠵᠤ᠂ ᠵᠤᠷᠢᠯᠳᠠ ᠶᠢᠨ ᠤᠬᠠᠮᠰᠠᠷ ᠢᠶᠠᠨ ᠴᠢᠩᠭᠠᠷᠠᠭᠤᠯᠵᠣ᠂ ᠤᠨᠴᠠ ᠡᠷᠭᠡ ᠶᠢᠨ ᠦᠵᠡᠯ | ᠰᠠᠨᠠᠭ᠎ᠠ ᠪᠠ ᠤᠨᠴᠠ ᠡᠷᠭᠡ ᠶᠢᠨ ᠦᠵᠡᠭᠳᠡᠯ ᠲᠠᠢ ᠡᠷᠡᠰ ᠲᠡᠮᠡᠴᠡᠭᠦ ᠬᠡᠷᠡᠭᠳᠡᠢ᠃ ᠨᠠᠮ ᠢ ᠴᠢᠩᠭ᠎ᠠ ᠵᠠᠰᠠᠬᠤ ᠤᠯᠤᠰ | ᠲᠦᠷᠦ ᠶᠢᠨ ᠬᠠᠷᠢᠭᠤᠴᠠᠯᠭ᠎ᠠ ᠪᠠᠨ ᠴᠢᠩᠭ᠎ᠠ ᠬᠦᠢᠴᠡᠳᠭᠡᠵᠤ᠂ ᠬᠡᠵᠢᠶᠡᠳᠡ ᠲᠠᠭᠤᠰᠤᠰᠢ ᠦᠭᠡᠢ ᠪᠠᠶᠢᠬᠤ | ᠪᠠᠷᠢᠮᠳᠠᠯᠠᠯ ᠢᠶᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠬᠦᠨᠵᠡᠭᠡᠶᠢᠷᠡᠭᠦᠯᠵᠤ᠂ ᠰᠤᠷᠳᠠᠯ ᠴᠢᠭᠡᠴᠢ ᠤᠪᠤᠷ | ᠲᠦᠪ ᠤᠯᠤᠰ ᠲᠦᠷᠦ ᠶᠢᠨ ᠠᠮᠢ ᠠᠬᠤᠢ ᠶᠢ ᠬᠦᠴᠦᠯᠡᠨ ᠡᠭᠦᠳᠬᠦ ᠬᠡᠷᠡᠭᠳᠡᠢ ᠬᠡᠪᠠ᠃ |