ᠰᠢᠯᠢ ᠶᠢᠨ ᠭᠤᠣᠯ ᠠᠶᠢᠮᠠᠭ ᠤᠨ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠪᠣᠯᠣᠨ ᠦᠷ᠎ᠡ ᠠᠰᠢᠭ ᠨᠢ ᠪᠦᠲᠦᠮᠵᠢᠲᠡᠶ ᠳᠡᠭᠡᠭᠰᠢᠯᠡᠪᠡ
ᠨᠡᠶᠢᠲᠡᠯᠡᠭᠰᠡᠨ ᠴᠠᠭ᠄
2018/2/26
      2017 ᠣᠨ ᠳᠤ᠂ ᠰᠢᠯᠢ ᠶᠢᠨ ᠭᠤᠣᠯ ᠠᠶᠢᠮᠠᠭ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠭᠦᠨᠵᠡᠭᠡᠶ ᠲᠤᠤᠱᠯᠠᠭᠤᠯᠦᠨ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠶᠡᠬᠡᠪᠡᠷ ᠲᠦᠯᠬᠢᠨ ᠠᠬᠢᠭᠤᠯᠤᠭᠠᠳ᠂ ᠭᠤᠷᠪᠠᠳᠤᠭᠠᠷ ᠠᠵᠤ ᠦᠢᠯᠡᠰ ᠶᠡᠷᠥᠩᠬᠡᠢ ᠳᠡᠭᠡᠨ ᠲᠣᠭᠲᠠᠭᠤᠨ ᠪᠦᠭᠡᠳ ᠰᠠᠶᠢᠵᠢᠷᠠᠬᠤ ᠬᠠᠨᠳᠤᠰᠢ ᠲᠠᠢ ᠪᠣᠯᠵᠤ᠂ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠪᠣᠯᠣᠨ ᠦᠷ᠎ᠡ ᠠᠰᠢᠭ ᠨᠢ ᠪᠦᠲᠦᠮᠵᠢᠲᠡᠶ ᠳᠡᠭᠡᠭᠰᠢᠯᠡᠪᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠤᠨ ᠠᠵᠤ ᠠᠬᠤᠶ ᠶᠢᠨ ᠨᠡᠮᠡᠭᠳᠡᠯ ᠳᠠᠬᠢ ᠬᠤᠪᠢ ᠨᠡᠮᠡᠷᠢ ᠶᠢᠨ ᠨᠤᠷᠮ᠎ᠠ ᠨᠢ 10 ᠵᠠᠭᠤᠨ ᠤ ᠴᠡᠭ ᠳᠡᠭᠡᠭᠰᠢᠯᠡᠵᠦ᠂ ᠬᠤᠶᠠᠳᠤᠭᠠᠷ ᠠᠵᠤ ᠦᠢᠯᠡᠰ ᠤᠨ ᠬᠢ ᠠᠴᠠ 5 ᠵᠠᠭᠤᠨ ᠤ ᠴᠡᠭ ᠦᠨᠳᠦᠷ ᠪᠣᠯᠪᠠ᠃ ᠪᠡᠯᠡ ᠣᠷᠣᠭᠤᠯᠤᠯᠲᠠ ᠶᠢᠨ ᠪᠦᠲᠦᠴᠡ ᠨᠢ ᠵᠦᠢ ᠵᠣᠬᠢᠰᠲᠠᠶ ᠪᠣᠯᠵᠤ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ ᠨᠢ 49%᠎ ᠳᠤ ᠬᠦᠷᠴᠦ᠂ 14 ᠵᠠᠭᠤᠨ ᠤ ᠴᠡᠭ ᠳᠡᠭᠡᠭᠰᠢᠯᠡᠵᠦ᠂ ᠬᠤᠶᠠᠳᠤᠭᠠᠷ ᠠᠵᠤ ᠦᠢᠯᠡᠰ ᠤᠨ ᠬᠢ ᠠᠴᠠ 5 ᠵᠠᠭᠤᠨ ᠤ ᠴᠡᠭ ᠦᠨᠳᠦᠷ ᠪᠣᠯᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠳ ᠤᠨ ᠪᠡᠶᠡᠯᠡᠭᠦᠯᠦᠭᠰᠡᠨ ᠠᠰᠢᠭ ᠬᠤᠨᠵᠢᠪᠣᠷᠢ ᠨᠢ 32.52 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠬᠢ ᠲᠠᠢ ᠬᠠᠷᠢᠴᠠᠭᠤᠯᠪᠠᠯ ᠠᠯᠳᠠᠭᠳᠠᠯ ᠲᠠᠢ ᠪᠠᠶᠢᠭᠰᠠᠨ ᠠᠴᠠ ᠪᠠᠨ ᠣᠷᠤᠯᠭ᠎ᠠ ᠲᠠᠢ ᠪᠣᠯᠵᠤ᠂ 42.94 ᠳ᠋ᠥᠩᠰᠢᠭᠤᠷ ᠲᠥᠭᠦᠷᠢᠭ ᠨᠡᠮᠡᠭᠳᠡᠨ᠂ 2010 ᠣᠨ ᠠᠴᠠ ᠨᠠᠰᠢ ᠠᠰᠢᠭ ᠣᠷᠤᠯᠭ᠎ᠠ ᠪᠠᠷ ᠬᠠᠮᠤᠭ ᠤᠨ ᠦᠨᠳᠦᠷ ᠵᠢᠯ ᠪᠣᠯᠵᠠᠶ︔ ᠭᠠᠶᠢᠯᠢ ᠶᠢᠨ ᠮᠥᠩᠭᠦ ᠶᠢ 49.82 ᠳ᠋ᠥᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 55.9% ᠨᠡᠮᠡᠭᠳᠡᠨ᠂ ᠡᠳ᠋ ᠤᠨ ᠵᠠᠰᠠᠭ ᠲᠠᠬᠢ ᠬᠤᠪᠢ ᠨᠡᠮᠡᠷᠢ ᠶᠢᠨ ᠨᠣᠷᠮ᠎ᠠ ᠨᠢ 44.6%᠎ ᠳᠤ ᠬᠦᠷᠪᠡ᠃ ᠴᠠᠬᠢᠯᠭᠠᠨ ᠬᠡᠷᠡᠭᠯᠡᠬᠦ ᠬᠡᠮᠵᠢᠶ᠎ᠡ᠂ ᠠᠴᠢᠶ᠎ᠠ ᠲᠡᠭᠡᠭᠡᠪᠦᠷᠢ ᠶᠢᠨ ᠬᠡᠮᠵᠢᠶ᠎ᠡ ᠵᠡᠷᠭᠡ ᠤᠷᠢᠳᠠᠪᠠᠷ ᠭᠦᠢᠴᠡᠳᠬᠡᠬᠦ ᠭᠦᠢᠴᠡᠳᠬᠡᠯ ᠲᠤᠭ᠎ᠠ ᠨᠢ ᠬᠤᠶᠠᠷ ᠣᠷᠣᠨᠲᠤ ᠲᠤᠭ᠎ᠠ ᠪᠠᠷ ᠨᠡᠮᠡᠭᠳᠡᠬᠦ ᠶᠢ ᠪᠡᠶᠡᠯᠡᠭᠦᠯᠵᠦ᠂ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠬᠡᠮᠵᠢᠶ᠎ᠡ ᠪᠠ ᠦᠨ᠎ᠡ ᠬᠠᠩᠰᠢ ᠵᠡᠷᠭᠡᠪᠡᠷ ᠳᠡᠭᠡᠭᠰᠢᠯᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号