26 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠬᠥᠭᠵᠢᠯᠲᠡ ᠶᠢᠨ | ᠵᠦᠪᠯᠡᠯ ᠠᠴᠠ ᠤᠶᠢᠯᠠᠭᠠᠭᠰᠠᠨ ᠢᠶᠠᠷ᠂ ᠬᠤᠶᠢᠰᠢᠳᠠ ᠶᠢᠨ 3 ᠵᠢᠯ ᠳᠤ ᠥᠪᠥᠷ ᠮᠣᠩᠭᠤᠯ 2400 ᠭᠠᠷᠤᠶ | ᠵᠢᠭᠤᠯᠴᠢᠯᠠᠯ ᠤᠨ ᠭᠠᠵᠠᠷ ᠤᠨ ᠵᠤᠷᠯᠤᠩ ᠢ ᠰᠢᠨ᠎ᠡ ᠪᠠᠷ ᠪᠠᠶᠢᠭᠤᠯᠬᠤ ᠪᠠ ᠦᠭᠡᠷᠡᠴᠢᠯᠡᠨ ᠪᠠᠶᠢᠭᠤᠯᠵᠤ᠂ | ᠵᠢᠭᠤᠯᠴᠢᠯᠠᠯ ᠤᠨ ᠦᠵᠡᠮᠵᠢᠲᠦ ᠣᠷᠣᠨ ᠤ ᠬᠦᠯᠢᠶᠡᠨ ᠠᠪᠬᠤ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ | ᠠᠯᠬᠤᠮ ᠳᠡᠭᠡᠭᠰᠢᠯᠡᠭᠦᠯᠬᠦ ᠪᠠᠷ ᠪᠠᠶᠢᠨ᠎ᠠ᠃ | ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠵᠢᠭᠤᠯᠴᠢᠯᠠᠯ ᠤᠨ ᠦᠵᠡᠮᠵᠢᠲᠦ ᠣᠷᠣᠨ᠂ ᠬᠤᠲᠠ | ᠬᠥᠳᠡᠭᠡ ᠶᠢ ᠨᠢᠭᠡ ᠴᠣᠭᠴᠠᠵᠢᠭᠤᠯᠬᠤ ᠵᠣᠷᠯᠣᠩ ᠤᠨ ᠦᠭᠡᠷᠡᠴᠢᠯᠡᠯᠲᠡ ᠶᠢ ᠦᠷᠬᠦᠯᠵᠢᠯᠡᠨ ᠲᠦᠯᠬᠢᠨ ᠠᠬᠢᠭᠤᠯᠵᠤ᠂ | ᠵᠣᠷᠯᠣᠩ ᠤᠨ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠦᠢᠯᠡᠴᠢᠯᠡᠭᠡ᠂ ᠰᠢᠨᠵᠢᠯᠡᠬᠦ ᠤᠬᠠᠭᠠᠨ ᠮᠡᠷᠭᠡᠵᠢᠯ ᠢ | ᠳᠡᠭᠡᠭᠰᠢᠯᠡᠭᠦᠯᠬᠦ ᠠᠵᠢᠯᠯᠠᠭ᠎ᠠ ᠶᠢ ᠭᠤᠣᠯᠳᠠᠯᠭ᠎ᠠ ᠲᠠᠢ ᠥᠷᠨᠢᠭᠦᠯᠵᠦ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ | ᠴᠢᠩᠭᠠᠳᠬᠠᠬᠤ᠂ ᠪᠡᠯᠡ ᠮᠦᠩᠭᠦ ᠶᠢᠨ ᠳᠡᠮᠵᠢᠯᠭᠡ ᠦᠵᠡᠭᠦᠯᠬᠦ᠂ ᠬᠢᠨᠠᠨ ᠰᠢᠯᠭᠠᠵᠤ ᠬᠢᠨᠠᠨ ᠵᠢᠯᠣᠭᠤᠳᠬᠤ᠂ | ᠤᠬᠠᠭᠤᠯᠤᠨ ᠬᠥᠲᠥᠯᠥᠨ ᠵᠢᠯᠣᠭᠤᠳᠬᠤ ᠵᠡᠷᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠠᠪᠴᠤ᠂ ︽ᠬᠦᠷᠦᠯᠴᠡᠬᠦ᠋ᠢᠴᠡ | ᠲᠤᠭ᠎ᠠ ᠬᠡᠮᠵᠢᠶ᠎ᠡ ᠲᠠᠢ᠂ ᠪᠠᠶᠢᠷᠢᠰᠢᠭᠤᠯᠤᠯ ᠨᠢ ᠵᠦᠢ ᠵᠣᠬᠢᠰᠲᠠᠶ᠂ ᠬᠠᠮᠢᠶᠠᠷᠤᠯᠲᠠ ᠨᠢ ᠪᠦᠲᠦᠮᠵᠢᠲᠡᠶ᠂ | ᠦᠢᠯᠡᠴᠢᠯᠡᠭᠡ ᠨᠢ ᠰᠠᠶᠢᠨ ᠪᠠᠶᠢᠬᠤ︾ ᠬᠠᠷᠠᠯᠲᠠ ᠶᠢ ᠪᠡᠶᠡᠯᠡᠭᠦᠯᠬᠦ ᠪᠠᠷ ᠪᠠᠶᠢᠨ᠎ᠠ᠃ | ᠬᠠᠮᠢᠶ᠎ᠠ ᠪᠦᠬᠦᠢ ᠲᠥᠯᠥᠪᠵᠢᠭᠦᠯᠭᠡ ᠶᠣᠰᠣᠭᠠᠷ᠂ ᠥᠪᠥᠷ ᠮᠣᠩᠭᠤᠯ ᠤᠰᠤ ᠠᠷᠪᠢᠯᠠᠬᠤ᠂ ᠡᠨᠧᠷᠭᠢ ᠠᠷᠪᠢᠯᠠᠬᠤ᠂ | ᠦᠨᠦᠷ ᠠᠷᠢᠯᠭᠠᠬᠤ ᠵᠡᠷᠭᠡ ᠰᠢᠨ᠎ᠡ ᠮᠡᠷᠭᠡᠵᠢᠯ ᠰᠢᠨ᠎ᠡ ᠮᠠᠲ᠋ᠧᠷᠢᠶᠠᠯ ᠢ ᠬᠡᠷᠡᠭᠯᠡᠨ ᠠᠮᠢ ᠠᠬᠤᠶ᠂ ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ ᠪᠠ ᠣᠷᠴᠢᠨ ᠲᠤᠭᠤᠷᠢᠨ ᠢ ᠬᠠᠮᠠᠭᠠᠯᠠᠬᠤ ᠵᠢᠭᠤᠯᠴᠢᠯᠠᠯ ᠤᠨ ᠭᠠᠵᠠᠷ ᠤᠨ ᠵᠤᠷᠯᠤᠩ ᠢ | ᠪᠦᠲᠦᠭᠡᠨ ᠪᠠᠶᠢᠭᠤᠯᠵᠤ᠂ ᠥᠨᠳᠦᠷᠯᠢᠭ ᠬᠦᠢᠳᠡᠨ ᠭᠠᠵᠠᠷ ᠣᠷᠣᠨ ᠤ ᠵᠢᠭᠤᠯᠴᠢᠯᠠᠯ ᠤᠨ ᠭᠠᠵᠠᠷ ᠤᠨ ᠵᠣᠷᠯᠣᠩ ᠤᠨ | ᠬᠥᠯᠳᠡᠬᠦ ᠠᠴᠠ ᠰᠡᠷᠭᠡᠶᠢᠯᠡᠬᠦ᠂ ᠤᠰᠤ ᠳᠤᠲᠠᠭᠳᠠᠬᠤ ᠠᠰᠠᠭᠤᠳᠠᠯ ᠢ ᠰᠦᠪᠡᠭᠴᠢᠯᠡᠨ ᠰᠢᠢᠳᠪᠦᠷᠢᠯᠡᠨ᠎ᠡ᠃ | ᠥᠪᠥᠷ ᠮᠣᠩᠭᠤᠯ ︽ᠠᠷᠠᠯᠵᠢᠶ᠎ᠠ ᠬᠤᠳᠠᠯᠳᠤᠭ᠎ᠠ ᠪᠠᠷ ᠵᠣᠷᠯᠣᠩ ᠢ ᠪᠠᠶᠢᠭᠤᠯᠬᠤ᠂ ᠠᠷᠠᠯᠵᠢᠶ᠎ᠠ | ᠬᠤᠳᠠᠯᠳᠤᠭ᠎ᠠ ᠪᠠᠷ ᠵᠣᠷᠯᠣᠩ ᠢ ᠬᠠᠮᠢᠶᠠᠷᠬᠤ᠂ ᠠᠷᠠᠯᠵᠢᠶ᠎ᠠ ᠬᠤᠳᠠᠯᠳᠤᠭ᠎ᠠ ᠪᠠᠷ ᠵᠣᠷᠯᠣᠩ ᠢ ᠬᠠᠮᠠᠭᠠᠯᠠᠬᠤ︾ ᠰᠢᠨ᠎ᠡ ᠶᠢ | ᠡᠭᠦᠳᠬᠦ ᠬᠡᠪ ᠵᠠᠭᠪᠤᠷ ᠢ ᠬᠠᠶᠢᠨ ᠰᠦᠪᠡᠭᠴᠢᠯᠡᠵᠦ᠂ ᠬᠤᠳᠠᠯᠳᠤᠭᠠᠴᠢᠨ ᠤᠷᠢᠨ ᠵᠣᠷᠯᠣᠩ ᠪᠠᠶᠢᠭᠤᠯᠬᠤ ᠵᠣᠷᠯᠣᠩ | ᠬᠠᠮᠠᠭᠠᠯᠠᠬᠤ ᠲᠦᠷᠦᠯ ᠵᠦᠢᠯ ᠤᠨ ᠤᠷᠤᠭᠤᠯᠤᠯᠲᠠ ᠶᠢ ᠵᠣᠷᠢᠭᠵᠢᠭᠤᠯᠤᠨ ᠳᠡᠮᠵᠢᠵᠦ᠂ ᠬᠠᠮᠲᠤ ᠨᠡᠶᠢᠲᠡ᠂ ᠬᠤᠪᠢ | ᠬᠦᠮᠦᠨ ᠬᠥᠳᠡᠭᠡ ᠲᠤᠰᠬᠤᠨ ᠮᠠᠯᠵᠢᠬᠤ ᠤᠷᠤᠨ ᠤ ᠵᠢᠭᠤᠯᠴᠢᠯᠠᠯ ᠤᠨ ᠭᠠᠵᠠᠷ ᠤᠨ ᠵᠤᠷᠯᠤᠩ ᠤᠨ ᠪᠥᠲᠥᠭᠡᠨ | ᠪᠠᠶᠢᠭᠤᠯᠤᠯᠲᠠ ᠳᠤ ᠪᠡᠯᠡ ᠤᠷᠤᠭᠤᠯᠬᠤ ᠶᠢ ᠨᠢ ᠳᠡᠮᠵᠢᠨ᠎ᠡ︔ ᠵᠢᠭᠤᠯᠴᠢᠯᠠᠯ ᠤᠨ ᠭᠠᠵᠠᠷ ᠤᠨ ᠵᠤᠷᠯᠤᠩ ᠤᠨ ᠶᠠᠰᠤ | ᠴᠢᠨᠠᠷ ᠢ A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠦᠨᠡᠯᠡᠨ ᠲᠣᠭᠲᠠᠭᠠᠬᠤ᠂ ᠰᠡᠯᠡᠭᠦᠴᠡᠯ ᠤᠨ | ᠵᠢᠱᠢᠶᠡᠴᠢ ᠬᠤᠳᠠ ᠵᠡᠷᠭᠡ ᠠᠵᠢᠯ ᠯᠤᠭ᠎ᠠ ᠵᠤᠯᠭᠠᠭᠤᠯᠵᠤ᠂ ᠡᠯ᠎ᠡ ᠠᠶᠢᠮᠠᠭ ᠬᠤᠳᠠ PPP ᠵᠡᠷᠭᠡ ᠵᠠᠭᠪᠤᠷ ᠢᠶᠠᠷ | ᠳᠠᠮᠵᠢᠭᠤᠯᠤᠨ ᠵᠢᠭᠤᠯᠴᠢᠯᠠᠯ ᠤᠨ ᠭᠠᠵᠠᠷ ᠤᠨ ᠵᠤᠷᠯᠤᠩ ᠤᠨ ᠬᠠᠮᠢᠶᠠᠷᠤᠯᠲᠠ ᠶᠢ ᠨᠡᠷᠡᠳᠦ ᠲᠡᠮᠳᠡᠭᠴᠢᠯᠡᠬᠦ᠂ | ᠡᠵᠡᠩᠨᠡᠯᠲᠡ ᠶᠢ ᠵᠠᠬ᠎ᠠ ᠳᠡᠯᠭᠡᠭᠦᠷᠴᠢᠯᠡᠬᠦ ᠦᠢᠯᠡᠳᠦᠯᠭᠡ ᠶᠢ ᠨᠢ ᠲᠦᠯᠬᠢᠨ ᠠᠬᠢᠭᠤᠯᠤᠨ᠎ᠠ᠃ | ᠣᠶᠢᠯᠠᠭᠠᠭᠰᠠᠨ ᠢᠶᠠᠷ᠂ 2015 ᠣᠨ ᠠᠴᠠ ᠨᠠᠰᠢ᠂ ᠥᠪᠥᠷ ᠮᠣᠩᠭᠤᠯ ᠨᠡᠶᠢᠲᠡ 10.49 ᠳ᠋ᠦᠩᠰᠢᠭᠤᠷ | ᠲᠦᠬᠦᠷᠢᠭ ᠤᠨ ᠪᠡᠯᠡ ᠤᠷᠤᠭᠤᠯᠤᠨ 4054 ᠵᠢᠭᠤᠯᠴᠢᠯᠠᠯ ᠤᠨ ᠭᠠᠵᠠᠷ ᠤᠨ ᠵᠤᠷᠯᠤᠩ ᠢ ᠰᠢᠨ᠎ᠡ ᠪᠠᠷ | ᠪᠠᠶᠢᠭᠤᠯᠤᠭᠰᠠᠨ ᠪᠠ ᠥᠭᠡᠷᠡᠴᠢᠯᠡᠨ ᠪᠠᠶᠢᠭᠤᠯᠵᠤ᠂ ᠭᠤᠣᠯ ᠵᠡᠮ ᠲᠡᠡᠭᠤ᠂ ᠵᠢᠭᠤᠯᠴᠢᠯᠠᠯ ᠤᠨ ᠦᠵᠡᠮᠵᠢ ᠶᠢᠨ ᠭᠠᠵᠠᠷ᠂ | ᠵᠠᠮ ᠬᠠᠷᠢᠯᠴᠠᠭᠠᠨ ᠤ ᠤᠯᠠᠭ᠎ᠠ ᠥᠷᠲᠡᠭᠡ ᠵᠡᠷᠭᠡ ᠶᠢ ᠪᠦᠷᠢᠨ ᠪᠦᠷᠬᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠪᠡ᠃ |