ᠮᠠᠨ ᠤ ᠣᠷᠣᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠤᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ | ᠰᠢᠰᠲ᠋ᠧᠮᠵᠢ ᠶᠢ ᠨᠢᠭᠡᠳᠦᠯᠲᠡᠶ ᠪᠠᠶᠢᠭᠤᠯᠵᠤ᠂ ᠠᠷᠠᠳ ᠤᠯᠠᠨ ᠤ ᠬᠠᠮᠲᠤ ᠪᠠᠷ ᠪᠠᠶᠢᠭᠤᠯᠵᠤ ᠬᠠᠮᠲᠤ ᠪᠠᠷ ᠬᠦᠷᠲᠡᠬᠦ | ᠳᠤᠮᠳᠠ ᠠᠴᠠ ᠤᠯᠬᠤ ᠬᠦᠷᠲᠡᠭᠡᠮᠵᠢ ᠶᠢᠨ ᠲᠥᠷᠥᠭᠳᠡᠯ ᠢ ᠨᠡᠮᠡᠭᠳᠡᠭᠦᠯᠪᠡ᠃ ᠤᠳᠤ ᠪᠤᠯᠬᠤ ᠳᠤ᠂ ᠪᠥᠬᠦ ᠣᠷᠣᠨ ᠤ | ᠪᠡᠶ᠎ᠡ ᠶᠢᠨ ᠲᠠᠮᠢᠷ ᠤᠨ ᠲᠠᠯᠠᠪᠠᠢ ᠶᠢᠨ ᠲᠤᠭ᠎ᠠ 39879 ᠪᠤᠯᠵᠤ᠂ ᠬᠥᠮᠦᠨ ᠪᠦᠷᠢ ᠳᠤ ᠳᠤᠮᠳᠠᠴᠢ ᠪᠠᠷ ᠨᠣᠭᠳᠠᠬᠤ | ᠪᠡᠶ᠎ᠡ ᠶᠢᠨ ᠲᠠᠮᠢᠷ ᠤᠨ ᠲᠠᠯᠠᠪᠠᠢ 1.9 ᠲᠡᠭᠰᠢ ᠳᠦᠷᠪᠡᠯᠵᠢᠨ ᠮᠧᠲᠷ ᠲᠤ ᠬᠦᠷᠴᠦ᠂ ᠪᠦᠬᠦ ᠤᠯᠤᠰ ᠤᠨ ᠤᠷᠢᠳᠴᠢᠯᠠᠨ | ᠵᠢᠱᠢᠭᠰᠡᠨ 2020 ᠣᠨ ᠤ ᠬᠥᠮᠦᠨ ᠪᠦᠷᠢ ᠳᠤ ᠨᠣᠭᠳᠠᠬᠤ ᠳᠤᠮᠳᠠᠴᠢ ᠬᠢᠷᠢ ᠲᠦᠪᠰᠢᠨ ᠢ ᠳᠠᠪᠠᠪᠠ᠃ ᠬᠤᠰᠢᠭᠤ | ᠰᠢᠶᠠᠨ ︵ᠬᠤᠳᠠ᠂ ᠲᠣᠭᠤᠷᠢᠭ︶ ᠤ ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠠᠵᠢᠯᠯᠠᠭᠠᠨ ᠤ | ᠲᠥᠪ ᠢ ᠪᠦᠷᠢᠨ ᠪᠦᠷᠬᠦᠬᠦᠯᠬᠦ ᠶᠢ ᠪᠡᠶᠡᠯᠡᠬᠦᠯᠵᠤ᠂ 90% ᠶᠢᠨ ᠰᠤᠮᠤ ᠰᠢᠶᠠᠩ ᠪᠠᠯᠭᠠᠰᠤ ᠳᠤ ᠵᠢᠵᠢᠭ ᠬᠡᠯᠪᠡᠷᠢ ᠶᠢᠨ | ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠠᠵᠢᠯᠯᠠᠭᠠᠨ ᠤ ᠲᠥᠪ ᠢ ᠪᠠᠶᠢᠭᠤᠯᠵᠤ᠂ 93. | 5% ᠶᠢᠨ ᠭᠠᠴᠠᠭ᠎ᠠ ᠲᠣᠰᠬᠤᠨ ᠳᠤ ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠠᠵᠢᠯᠯᠠᠭᠠᠨ ᠤ | ᠦᠷᠳᠡᠭᠡ ᠴᠢᠬ ᠢ ᠪᠠᠶᠢᠭᠤᠯᠵᠤ᠂ 82% ᠤᠨ ᠬᠤᠳᠠ ᠶᠢᠨ ᠨᠡᠶᠢᠭᠡᠮ ᠲᠣᠭᠤᠷᠢᠭ ᠲᠤ ᠪᠦᠬᠦ ᠠᠷᠠᠳ ᠤᠨ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠠᠵᠢᠯᠯᠠᠭᠠᠨ ᠤ ᠴᠢᠭ᠋ ᠢ ᠪᠠᠶᠢᠭᠤᠯᠵᠠᠶ᠃ ᠮᠠᠯᠵᠢᠬᠤ ᠲᠠᠷᠢᠶᠠᠯᠠᠬᠤ ᠣᠷᠣᠨ ᠤ ︽ | 123︾ ᠦᠳᠡᠭᠦᠰ ᠤᠨ ᠪᠡᠶ᠎ᠡ ᠶᠢᠨ ᠲᠠᠮᠢᠷ ᠤᠨ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠪᠠ᠃ ᠤᠯᠤᠰ ᠤᠨ | ᠲᠡᠰ ᠤᠨ ᠠᠭᠤᠯᠠ ᠠᠪᠠᠷᠢᠬᠤ ᠪᠠ ᠲᠠᠯ᠎ᠠ ᠨᠤᠲᠤᠭ ᠤᠨ ᠪᠡᠶ᠎ᠡ ᠪᠣᠯᠪᠠᠰᠤᠷᠠᠭᠤᠯᠬᠤ ᠶᠠᠪᠠᠭᠠᠨ ᠵᠠᠮ 3᠂ ᠲᠠᠯ᠎ᠠ | ᠨᠤᠲᠤᠭ ᠤᠨ ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ | 5᠂ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ 7᠂ ᠤᠶᠤᠨᠴᠢᠯᠠᠭᠰᠠᠨ ᠪᠡᠶ᠎ᠡ ᠶᠢᠨ ᠲᠠᠮᠢᠷ ᠤᠨ ᠴᠡᠴᠡᠷᠯᠢᠭ 3᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ | ᠵᠢᠯᠦᠭᠤᠳᠦᠬᠴᠢ ᠶᠢᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ 126᠂ ᠪᠡᠶ᠎ᠡ ᠶᠢᠨ ᠲᠠᠮᠢᠷ ᠤᠨ ᠠᠵᠢᠯ | ᠲᠥᠷᠥᠯ ᠤᠨ ᠣᠨᠴᠠ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ 17᠂ ᠪᠡᠶ᠎ᠡ | ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠥᠷᠲᠡᠭᠡ ᠴᠢᠭ᠋ 1450 ᠶᠢ ᠪᠠᠶᠢᠭᠤᠯᠵᠠᠢ᠃ ᠪᠥᠬᠦ ᠤᠯᠤᠰ ᠤᠨ | ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠬᠢᠷᠠᠭᠵᠢᠭᠤᠯᠬᠤ ᠵᠢᠱᠢᠶ᠎ᠡ ᠦᠵᠡᠬᠦᠯᠬᠦ ᠬᠤᠲᠠ 1᠂ ᠤᠯᠤᠰ ᠤᠨ | ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ 1᠂ ᠤᠯᠤᠰ ᠤᠨ ᠲᠠᠰ ᠤᠨ | ᠪᠡᠶ᠎ᠡ ᠶᠢᠨ ᠲᠠᠮᠢᠷ ᠤᠨ ᠰᠡᠯᠡᠭᠦᠴᠡᠯ ᠤᠨ ᠣᠨᠴᠠᠯᠢᠭ ᠪᠦᠬᠦᠢ ᠵᠢᠵᠢᠭ ᠪᠠᠯᠭᠠᠰᠤ 2᠂ ᠥᠪᠡᠷᠲᠡᠭᠡᠨ ᠵᠠᠰᠠᠬᠤ ᠣᠷᠣᠨ ᠤ | ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠰᠢᠶᠠᠨ 1᠂ ᠥᠪᠡᠷᠲᠡᠭᠡᠨ | ᠵᠠᠰᠠᠬᠤ ᠣᠷᠣᠨ ᠤ ᠳᠡᠰ ᠤᠨ ᠪᠡᠶ᠎ᠡ ᠮᠠᠬᠠᠪᠣᠳ ᠢ ᠰᠢᠯᠭᠠᠨ ᠲᠣᠭᠲᠠᠭᠠᠬᠤ ᠪᠠ ᠬᠥᠳᠡᠯᠭᠡᠭᠡᠨ ᠬᠢᠵᠤ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠳᠤ ᠵᠢᠯᠤᠭᠤᠳᠤᠯᠭ᠎ᠠ ᠦᠭᠭᠦ ᠥᠷᠲᠡᠭᠡ 4 ᠶᠢ ᠴᠤᠭᠴᠠᠯᠠᠪᠠ᠃ ᠬᠤᠳᠠ | ᠬᠥᠳᠡᠭᠡ ᠳᠤ ᠲᠦᠭᠡᠭᠰᠡᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠨᠢᠭᠡ ᠪᠦᠯᠦᠭ ᠠᠭᠤᠳᠠᠮ ᠲᠠᠯᠠᠪᠠᠶ᠂ ᠪᠡᠶ᠎ᠡ ᠶᠢᠨ | ᠲᠠᠮᠢᠷ ᠤᠨ ᠴᠡᠴᠡᠷᠯᠢᠭ᠂ ᠭᠡᠷ ᠤᠨ ᠭᠠᠳᠠᠨᠠᠬᠢ ᠪᠠᠭᠤᠴᠠ᠂ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ᠂ ᠪᠡᠶ᠎ᠡ | ᠴᠢᠭᠢᠷᠠᠭᠵᠢᠭᠤᠯᠬᠤ ᠵᠦᠷᠢᠭ ᠵᠠᠮ᠂ ᠰᠢᠩᠭᠡᠯᠢᠭ ᠮᠠᠶ᠋ᠢᠭ ᠤᠨ ᠬᠥᠯ ᠪᠥᠮᠪᠦᠭᠡ ᠶᠢᠨ ᠲᠠᠯᠠᠪᠤᠷ ᠵᠡᠷᠭᠡ ᠪᠡᠯᠡᠳᠭᠡᠮᠵᠢ ᠶᠢ | ᠠᠰᠢᠭᠯᠠᠯᠲᠠ ᠳᠤ ᠣᠷᠣᠭᠤᠯᠵᠤ᠂ ︽10 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠴᠠᠭᠠᠷᠢᠭ︾ ᠶᠠᠭ ᠪᠦᠷᠢᠯᠳᠦᠵᠦ | ᠪᠤᠢ᠃ ᠠᠶᠢᠮᠠᠭ ᠬᠤᠳᠠ᠂ ᠬᠤᠰᠢᠭᠤ ᠰᠢᠶᠠᠨ ᠤ ᠪᠡᠶ᠎ᠡ ᠶᠢᠨ ᠲᠠᠮᠢᠷ ᠤᠨ ᠶᠡᠷᠦᠩᠭᠡᠢ ᠡᠪᠯᠡᠯ ᠢ ᠪᠦᠷᠢᠨ ᠪᠦᠷᠬᠦᠬᠦᠯᠪᠡ᠃ | ᠰᠢᠨ᠎ᠡ ᠬᠡᠯᠪᠡᠷᠢ ᠶᠢᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠨᠢ ᠵᠢᠯ ᠪᠦᠷᠢ 10% ᠶᠢᠨ | ᠬᠤᠷᠳᠤᠴᠠ ᠪᠠᠷ ᠨᠡᠮᠡᠭᠳᠡᠵᠦ᠂ ᠤᠳᠤ ᠪᠥᠬᠦ ᠣᠷᠣᠨ ᠳᠤ ᠡᠯ᠎ᠡ ᠱᠠᠲᠤᠨ ᠤ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ | ᠨᠡᠶᠢᠭᠡᠮ ᠤᠨ ᠵᠣᠬᠢᠶᠠᠨ ᠪᠠᠶᠢᠭᠤᠯᠤᠯᠲᠠ 1952 ᠪᠤᠢ᠃ ᠠᠷᠠᠳ ᠨᠡᠶᠢᠲᠡ ᠶᠢᠨ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ ᠠᠵᠢᠯᠯᠠᠭᠠᠨ ᠤ ᠵᠣᠬᠢᠶᠠᠨ ᠪᠠᠶᠢᠭᠤᠯᠤᠯᠲᠠ ᠶᠢᠨ ᠦᠷᠲᠡᠭᠡ ᠴᠢᠭ᠋ 8437 ᠪᠠᠶᠢᠵᠤ᠂ ᠲᠦᠮᠡᠨ | ᠬᠥᠮᠦᠨ ᠪᠦᠷᠢ ᠳᠤ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠠᠵᠢᠯᠯᠠᠭᠠᠨ ᠤ ᠦᠷᠳᠡᠭᠡ ᠴᠢᠬ 3.4 ᠨᠤᠭᠳᠠᠵᠤ | ᠪᠤᠢ᠃ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠦᠭᠤᠳᠦᠬᠴᠢ 4.3 ᠲᠦᠮᠡᠨ ᠬᠦᠮᠦᠨ ᠪᠠᠶᠢᠵᠤ᠂ ᠲᠦᠮᠡᠨ | ᠬᠥᠮᠦᠨ ᠪᠦᠷᠢ ᠳᠤ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠦᠭᠤᠳᠦᠬᠴᠢ 17 ᠨᠤᠭᠳᠠᠵᠤ ᠪᠠᠶᠢᠨ᠎ᠠ᠃ ᠨᠢᠭᠡ | ᠭᠠᠵᠠᠷ ᠲᠤ ᠨᠢᠭᠡ ᠲᠦᠷᠦᠯ ᠲᠡᠮᠳᠡᠭ᠂ ᠨᠢᠭᠡ ᠭᠠᠵᠠᠷ ᠲᠤ ᠨᠢᠭᠡ ᠤᠨᠴᠠᠯᠢᠭ ᠲᠠᠢ ᠪᠦᠬᠦ ᠠᠷᠠᠳ ᠤᠨ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠤᠨᠴᠠᠯᠢᠭᠲᠤ ᠲᠦᠷᠦᠯ ᠲᠡᠮᠳᠡᠭ ᠢ ᠡᠭᠦᠳᠦᠨ ᠪᠠᠶᠢᠭᠤᠯᠬᠤ | ᠠᠵᠢᠯᠯᠠᠭ᠎ᠠ ᠶᠢ ᠢᠳᠡᠪᠬᠢᠲᠡᠶ ᠦᠷᠨᠢᠬᠦᠯᠪᠡ᠃ ᠵᠢᠯ ᠪᠦᠷᠢ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ | ᠵᠢᠯᠦᠭᠤᠳᠦᠬᠴᠢ ᠰᠠᠶᠢᠨ ᠳᠤᠷ᠎ᠠ ᠶᠢᠨ ᠦᠢᠯᠡᠴᠢᠯᠡᠭᠴᠢᠳ ᠢ ᠲᠦᠮᠡ ᠭᠠᠷᠤᠶ ᠵᠣᠬᠢᠶᠠᠨ ᠪᠠᠶᠢᠭᠤᠯᠵᠤ᠂ ᠨᠡᠶᠢᠭᠡᠮ | ᠲᠣᠭᠤᠷᠢᠭ᠂ ᠠᠭᠤᠳᠠᠮ ᠲᠡᠯᠡᠪᠡᠢ᠂ ᠴᠡᠴᠡᠷᠯᠢᠭ ᠲᠤ ᠤᠴᠢᠭᠤᠯᠵᠤ᠂ ᠰᠢᠨᠵᠢᠯᠡᠬᠦ ᠤᠬᠠᠭᠠᠨᠴᠢ ᠪᠠᠷ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠬᠠᠪᠰᠤᠷᠤᠨ ᠵᠢᠯᠤᠭᠤᠳᠤᠯᠭ᠎ᠠ ᠬᠢᠵᠤ ᠪᠠᠶᠢᠨ᠎ᠠ᠃ ᠨᠡᠶᠢᠭᠡᠮ ᠲᠣᠭᠤᠷᠢᠭ᠂ | ᠭᠠᠴᠠᠭ᠎ᠠ ᠲᠣᠰᠬᠤᠨ ᠨᠢᠭᠡᠪᠦᠷᠢ ᠳᠤ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠦᠭᠤᠳᠦᠬᠴᠢ ᠶᠢ ᠨᠢᠭᠡ ᠨᠡᠷ᠎ᠡ | ᠲᠤᠬᠢᠷᠠᠭᠤᠯᠵᠤ᠂ ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠵᠢᠯ ᠪᠦᠷᠢ ᠨᠢᠭᠡ | ᠤᠳᠠᠭ᠎ᠠ ᠦᠷᠨᠢᠬᠦᠯᠵᠤ᠂ ᠬᠦᠮᠦᠨ ᠠᠷᠠᠳ ᠪᠤᠯᠤᠨ ᠭᠠᠵᠠᠷ ᠣᠷᠣᠨ ᠤ ᠣᠨᠴᠠᠯᠢᠭ ᠲᠤ ᠲᠤᠬᠢᠷᠠᠭᠰᠠᠨ ᠨᠢᠭᠡᠨ ᠢᠵᠢ | ᠪᠡᠶ᠎ᠡ ᠴᠢᠭᠢᠷᠠᠭᠵᠢᠭᠤᠯᠬᠤ ᠠᠷᠭ᠎ᠠ ᠶᠢᠨ ᠬᠠᠷᠠᠯᠲᠠᠲᠤ ᠡᠭᠦᠷᠭᠡ ᠶᠢ ᠦᠨᠳᠦᠰᠦᠨ ᠳᠡᠭᠡᠨ ᠪᠡᠶᠡᠯᠡᠬᠦᠯᠪᠡ᠃ |