ᠣᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ | ᠶᠡᠷᠦᠩᠬᠡᠶ ᠱᠦᠵᠢ ᠰᠢ ᠶᠢᠨ ᠫᠢᠩ᠂ ᠶᠡᠷᠦᠩᠬᠡᠶ ᠰᠠᠶᠢᠳ ᠯᠢ ᠺᠧ ᠴᠢᠶᠠᠩ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠭᠰᠠᠨ ᠦᠶ᠎ᠡ ᠳᠤ ᠬᠡᠯᠡᠭᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠠᠲᠠᠭᠤ ᠪᠡᠷᠬᠡᠰᠢᠶᠡᠯ ᠢ ᠢᠯᠠᠨ ᠳᠠᠪᠠᠵᠤ ᠳᠥᠭᠦᠮ ᠪᠦᠲᠦᠴᠡᠲᠦ ᠣᠷᠣᠨ ᠰᠠᠭᠤᠴᠠ ᠶᠢᠨ | ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠪᠦᠬᠦ ᠬᠦᠴᠦ ᠪᠠᠷ ᠲᠦᠯᠬᠢᠨ ᠠᠬᠢᠭᠤᠯᠪᠠ᠃ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ | ᠲᠢᠩᠬᠢᠮ ᠤᠨ ᠪᠦᠷᠢᠳᠬᠡᠭᠰᠡᠨ ᠲᠤᠭ᠎ᠠ ᠪᠠᠷᠢᠮᠲᠠ ᠠᠴᠠ ᠦᠵᠡᠪᠡᠯ᠂ 2012 ᠣᠨ ᠠᠴᠠ2017 ᠣᠨ ᠬᠦᠷᠲᠡᠯ᠎ᠡ᠂ | ᠥᠪᠥᠷ ᠮᠣᠩᠭᠤᠯ ᠨᠡᠶᠢᠲᠡ 1388 ᠢᠵᠢ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ | ᠰᠠᠶᠢᠵᠢᠷᠠᠭᠤᠯᠵᠤ᠂ ᠪᠠᠷᠤᠭ 2917 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠂ | ᠣᠷᠣᠨ ᠰᠠᠭᠤᠴᠠ ᠨᠢ ᠬᠦᠴᠢᠷᠲᠡᠶ 349 ᠲᠦᠮᠡ ᠰᠢᠬᠠᠮ ᠤᠯᠠᠨ ᠲᠦᠮᠡᠨ ᠢ ᠳᠣᠬᠢᠯᠢᠭ ᠣᠷᠣᠨ ᠰᠠᠭᠤᠴᠠ ᠲᠠᠢ | ᠪᠣᠯᠭᠠᠪᠠ ᠃ ᠶᠡᠷᠦᠩᠬᠡᠶ ᠱᠦᠵᠢ ᠰᠢ ᠶᠢᠨ ᠫᠢᠩ᠂ ᠶᠡᠷᠦᠩᠬᠡᠶ ᠰᠠᠶᠢᠳ ᠯᠢ ᠺᠧ ᠴᠢᠶᠠᠩ ᠤᠨ ᠬᠠᠯᠠᠮᠵᠢᠯᠠᠵᠤ ᠪᠠᠶᠢᠭᠰᠠᠨ | ᠬᠢᠩᠭᠠᠨ ᠠᠶᠢᠮᠠᠭ ᠤᠨ ᠷᠠᠰᠢᠶᠠᠨ ᠳᠠᠬᠢ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ᠂ ᠪᠤᠭᠤᠲᠤ | ᠬᠤᠲᠠ ᠶᠢᠨ ᠪᠸᠢ ᠯᠢᠶᠠᠩ ᠳᠠᠬᠢ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ᠂ ᠤᠯᠠᠭᠠᠨᠬᠠᠳᠠ | ᠬᠤᠲᠠ ᠶᠢᠨ ᠲᠢᠶᠧ ᠨᠠᠨ ᠳᠠᠬᠢ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠨ | ᠰᠠᠶᠢᠵᠢᠷᠠᠭᠤᠯᠤᠯᠲᠠ ᠶᠢ ᠦᠨᠳᠦᠰᠦᠨ ᠳᠡᠭᠡᠨ ᠪᠡᠶᠡᠯᠡᠭᠦᠯᠪᠡ᠂ ᠡᠭᠦᠨ ᠳᠤ ᠪᠤᠭᠤᠲᠤ ᠬᠤᠲᠠ ᠶᠢᠨ ᠪᠸᠢ ᠯᠢᠶᠠᠩ ᠳᠠᠬᠢ | ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠨ ᠰᠠᠶᠢᠵᠢᠷᠠᠭᠤᠯᠤᠯᠲᠠ ᠶᠢ 3 ᠵᠢᠯ ᠳᠤ | ᠪᠡᠶᠡᠯᠡᠭᠦᠯᠦᠭᠰᠡᠨ ᠪᠥᠭᠡᠳ ᠳᠥᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠬᠦ ᠪᠡᠯᠡ ᠮᠥᠩᠭᠦ ᠶᠢᠨ | ᠲᠡᠩᠴᠡᠭᠦᠷᠢᠰᠢᠯ ᠢ ᠪᠡᠶᠡᠯᠡᠭᠦᠯᠦᠭᠰᠡᠨ ᠲᠤᠷᠰᠢᠯᠭ᠎ᠠ ᠶᠢ ᠤᠯᠤᠰ ᠳᠠᠶᠠᠭᠠᠷ ᠲᠤ ᠳᠡᠯᠭᠡᠷᠡᠭᠦᠯᠦᠭᠰᠡᠨ | ᠪᠠᠶᠢᠨ᠎ᠠ᠃ | — ᠥᠭᠡᠷᠡᠴᠢᠯᠡᠨ ᠰᠠᠶᠢᠵᠢᠷᠠᠭᠤᠯᠬᠤ ᠡᠭᠦᠷᠭᠡ ᠶᠢ ᠴᠠᠭ ᠲᠤᠬᠠᠶ ᠳᠤᠨᠢ ᠰᠠᠯᠭᠠᠨ ᠬᠤᠪᠢᠶᠠᠪᠠ᠃ ᠵᠢᠯ | ᠪᠦᠷᠢ ᠶᠢᠨ ᠡᠬᠢᠨ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠲᠤᠰᠬᠠᠶ ᠰᠡᠳᠦᠪᠲᠦ ᠬᠤᠷᠠᠯ ᠬᠢᠵᠦ᠂ | ᠡᠯ᠎ᠡ ᠠᠶᠢᠮᠠᠭ ᠬᠤᠲᠠ ᠯᠤᠭ᠎ᠠ ᠣᠷᠣᠨ ᠰᠠᠭᠤᠴᠠ ᠶᠢᠨ ᠪᠠᠲᠤᠯᠠᠭ᠎ᠠ ᠶᠢᠨ ᠣᠨ ᠤ ᠠᠵᠢᠯ ᠤᠨ ᠬᠠᠷᠠᠯᠲᠠᠲᠤ | ᠬᠠᠷᠢᠭᠤᠴᠠᠯᠭ᠎ᠠ ᠶᠢᠨ ᠭᠡᠷ᠎ᠡ ᠲᠣᠭᠲᠠᠵᠤ᠂ ᠡᠭᠦᠷᠭᠡ ᠶᠢ ᠴᠠᠭ ᠲᠤᠬᠠᠶ ᠳᠤᠨᠢ ᠰᠠᠯᠭᠠᠨ ᠬᠤᠪᠢᠶᠠᠳᠠᠭ᠃ ᠡᠭᠦᠨ ᠤ | ᠳᠠᠷᠠᠭ᠎ᠠ ᠪᠠᠷ᠂ ᠠᠶᠢᠮᠠᠭ ᠬᠤᠳᠠ ᠨᠢ ᠬᠤᠰᠢᠭᠤ ᠰᠢᠶᠠᠨ ︵ᠬᠤᠳᠠ᠂ ᠲᠣᠭᠤᠷᠢᠭ︶ ᠯᠤᠭ᠎ᠠ ᠲᠤᠰ ᠲᠤᠰ ᠬᠠᠷᠠᠯᠲᠠᠳᠤ | ᠡᠭᠦᠷᠭᠡ ᠬᠠᠷᠢᠭᠤᠴᠠᠯᠭ᠎ᠠ ᠶᠢᠨ ᠭᠡᠷ᠎ᠡ ᠲᠣᠭᠲᠠᠵᠤ᠂ ᠬᠠᠷᠠᠯᠲᠠᠲᠤ ᠡᠭᠦᠷᠭᠡ ᠶᠢ ᠱᠠᠳᠤ ᠳᠠᠷᠠᠭᠠᠯᠠᠨ ᠬᠤᠪᠢᠶᠠᠨ ᠥᠭᠴᠦ | ᠨᠠᠶᠢᠳᠠᠪᠤᠷᠢᠵᠢᠭᠤᠯᠵᠠᠢ᠃ | — ᠤᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠪᠠ᠃ ᠲᠥᠪ ᠤᠨ ᠪᠡᠯᠡ ᠣᠷᠣᠭᠤᠯᠤᠯᠲᠠ ᠪᠣᠯᠣᠨ | ᠨᠥᠬᠦᠪᠥᠷᠢ ᠮᠥᠩᠭᠦ ᠶᠢ ᠢᠳᠡᠪᠬᠢᠲᠡᠢ ᠪᠠᠷ ᠣᠯᠪᠠ︔ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ᠂ | ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠵᠡᠷᠭᠡ ᠲᠥᠷᠥ ᠶᠢᠨ ᠪᠤᠳᠤᠯᠭ᠎ᠠ ᠶᠢᠨ ᠴᠢᠨᠠᠷᠲᠠᠶ ᠳᠦᠭᠦᠮ ᠪᠦᠲᠦᠴᠡᠲᠦ | ᠣᠷᠣᠨ ᠰᠠᠭᠤᠴᠠ ᠶᠢᠨ ᠥᠭᠡᠷᠡᠴᠢᠯᠡᠯᠲᠡ ᠶᠢᠨ ᠵᠢᠭᠡᠯᠡᠯᠭᠡ ᠶᠢ ᠢᠳᠡᠪᠬᠢᠲᠡᠢ ᠪᠠᠷ ᠣᠯᠣᠭᠰᠠᠨ ᠤ ᠬᠠᠮᠲᠤ ᠦᠢᠯᠡᠳᠪᠦᠷᠢ | ᠬᠤᠳᠠᠯᠳᠤᠭᠠᠨ ᠤ ᠪᠠᠩᠬᠢ᠂ ᠲᠠᠷᠢᠶᠠᠯᠠᠩ ᠤᠨ ᠪᠠᠩᠬᠢ᠂ ᠪᠦᠳᠤᠭᠡᠨ ᠪᠠᠶᠢᠭᠤᠯᠤᠯᠲᠠ ᠶᠢᠨ ᠪᠠᠩᠬᠢ ᠵᠡᠷᠭᠡ | ᠬᠤᠳᠠᠯᠳᠤᠭᠠᠨ ᠤ ᠪᠠᠩᠬᠢ ᠯᠤᠭ᠎ᠠ ᠵᠤᠬᠢᠴᠠᠭᠤᠯᠤᠨ ᠵᠤᠯᠭᠠᠯᠳᠤᠭᠤᠯᠬᠤ ᠪᠠᠨ ᠴᠢᠩᠭᠠᠳᠬᠠᠵᠤ᠂ ᠪᠥᠬᠦ ᠣᠷᠣᠨ ᠤ | ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠬᠤ ᠳᠤ ᠬᠤᠳᠠᠯᠳᠤᠭᠠᠨ ᠤ | ᠪᠠᠩᠬᠢ ᠶᠢᠨ ᠳᠡᠮᠵᠢᠯᠭᠡ ᠶᠢ ᠴᠢᠷᠮᠠᠶᠢᠨ ᠣᠯᠵᠤ᠂ ᠵᠥᠪᠬᠡᠨ 2017 ᠣᠨ ᠳᠤ ᠪᠥᠬᠦ ᠣᠷᠣᠨ ᠤ ᠡᠯ᠎ᠡ ᠪᠠᠩᠬᠢ ᠠᠴᠠ | ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠬᠤ ᠳᠤ 652.6 | ᠳ᠋ᠦᠩᠰᠢᠭᠤᠷ ᠲᠦᠬᠦᠷᠢᠭ ᠤᠨ ᠵᠢᠭᠡᠯᠡᠯᠭᠡ ᠣᠯᠭᠤᠵᠠᠢ᠃ ᠡᠭᠦᠨ ᠠᠴᠠ ᠭᠠᠳᠠᠨ᠎ᠠ᠂ ᠪᠡᠯᠡ ᠲᠣᠬᠢᠷᠠᠭᠤᠯᠬᠤ ᠪᠠ | ᠵᠠᠰᠠᠭ ᠤᠨ ᠣᠷᠳᠣᠨ ᠠᠴᠠ ᠲᠦᠬᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠦᠶᠯᠡᠴᠢᠯᠡᠭᠡ ᠶᠢ | ᠬᠤᠳᠠᠯᠳᠤᠨ ᠠᠪᠬᠤ ᠠᠵᠢᠯ ᠢ ᠢᠳᠡᠪᠬᠢᠲᠡᠢ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠯ᠎ᠡ ᠭᠠᠵᠠᠷ ᠤᠨ ᠲᠦᠬᠦᠮ ᠪᠦᠳᠦᠴᠡᠳᠦ ᠣᠷᠣᠨ | ᠰᠠᠭᠤᠴᠠ ᠶᠢ ᠥᠭᠡᠷᠡᠴᠢᠯᠡᠨ ᠰᠠᠶᠢᠵᠢᠷᠠᠭᠤᠯᠬᠤ ᠦᠶᠯᠡᠴᠢᠯᠡᠭᠡ ᠶᠢᠨ ᠡᠯ᠎ᠡ ᠵᠦᠢᠯ ᠤᠨ ᠴᠤᠪᠤᠷᠠᠯ ᠢ ᠵᠠᠰᠠᠭ ᠤᠨ | ᠣᠷᠳᠣᠨ ᠬᠤᠳᠠᠯᠳᠤᠨ ᠠᠪᠬᠤ ᠶᠢ ᠭᠦᠢᠴᠡᠳᠬᠡᠬᠦ ᠠᠵᠢᠯ ᠢ ᠰᠢᠮᠳᠠᠭᠤᠯᠵᠤ᠂ ᠡᠯ᠎ᠡ ᠠᠶᠢᠮᠠᠭ ᠬᠤᠲᠠ ᠶᠢᠨ | ᠳᠤᠷᠠᠳᠤᠭᠰᠠᠨ ᠵᠢᠭᠡᠯᠡᠯᠭᠡ ᠭᠤᠶᠤᠴᠢᠯᠠᠬᠤ ᠲᠥᠷᠥᠯ ᠵᠦᠢᠯ ᠢ ᠨᠤᠲᠠᠯᠠᠨ ᠵᠥᠪᠰᠢᠶᠡᠷᠡᠬᠦ ᠪᠢᠴᠢᠭ ᠢ ᠴᠠᠭ ᠲᠤᠬᠠᠶ ᠳᠤᠨᠢ | ᠬᠢᠵᠦ ᠥᠭᠴᠦ᠂ ᠪᠠᠩᠬᠢ ᠶᠢᠨ ᠵᠢᠭᠡᠯᠡᠯᠭᠡ ᠶᠢ ᠣᠯᠭᠤᠵᠠᠢ᠃ | — ᠵᠤᠭᠤᠰᠴᠢᠯᠠᠨ ᠲᠥᠪᠬᠢᠨᠡᠭᠦᠯᠵᠡᠢ ᠃ ᠬᠤᠲᠠ ᠶᠢᠨ ᠪᠠᠶᠢᠳᠠᠯ ᠢᠶᠠᠷ ᠨᠢ ᠠᠷᠭ᠎ᠠ ᠬᠡᠮᠵᠢᠶ᠎ᠡ ᠠᠪᠴᠤ | ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢᠨ ᠵᠤᠭᠤᠰᠴᠢᠯᠠᠨ ᠲᠥᠪᠬᠢᠨᠡᠭᠦᠯᠬᠦ | ᠠᠵᠢᠯ ᠢ ᠲᠥᠯᠬᠢᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤᠷᠢᠳ ᠬᠤᠵᠢᠳ ︽ | ᠭᠡᠷ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠤᠯᠠᠮ ᠨᠢᠭᠡ | ᠠᠯᠬᠤᠮ ᠠᠬᠢᠭᠤᠯᠬᠤ ᠲᠤᠬᠠᠶ ᠰᠠᠨᠠᠯ ᠤᠳ︾ ︽ᠬᠡᠷ ᠭᠠᠵᠠᠷ ᠬᠥᠷᠥᠩᠭᠡ ᠶᠢᠨ ᠦᠯᠡᠭᠦᠤ ᠬᠠᠳᠠᠭᠠᠯᠠᠮᠵᠢ ᠶᠢ | ᠦᠭᠡᠶᠢᠰᠬᠡᠬᠦ ᠠᠵᠢᠯ ᠢ ᠰᠠᠶᠢᠲᠤᠷ ᠬᠢᠵᠦ ᠭᠡᠷ ᠭᠠᠵᠠᠷ ᠬᠦᠷᠦᠩᠭᠡ ᠶᠢᠨ ᠦᠢᠯᠡᠰ ᠤᠨ ᠲᠣᠭᠲᠠᠭᠤᠨ ᠢᠶᠠᠷ ᠬᠥᠭᠵᠢᠬᠦ ᠶᠢ | ᠤᠯᠠᠮ ᠨᠢᠭᠡ ᠠᠯᠬᠤᠮ ᠠᠬᠢᠭᠤᠯᠬᠤ ᠲᠤᠬᠠᠶ ᠰᠠᠨᠠᠯ︾ ︽ᠪᠦᠬᠦ ᠣᠷᠣᠨ ᠤ ᠲᠦᠬᠦᠮ ᠪᠦᠳᠦᠴᠡᠳᠦ ᠣᠷᠣᠨ | ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢᠨ ᠵᠤᠭᠤᠰᠴᠢᠯᠠᠨ ᠲᠥᠪᠬᠢᠨᠡᠭᠦᠯᠬᠦ ᠠᠵᠢᠯ ᠢ ᠰᠠᠶᠢᠲᠤᠷ ᠬᠢᠬᠦ | ᠲᠤᠬᠠᠶ ᠵᠢᠯᠣᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶︾ ᠢ ᠪᠠᠭᠤᠯᠭᠠᠪᠠ᠃ ᠬᠤᠲᠠ ᠪᠠᠶᠢᠳᠠᠯ ᠢᠶᠠᠷ ᠨᠢ ᠠᠷᠭ᠎ᠠ | ᠬᠡᠮᠵᠢᠶ᠎ᠡ ᠠᠪᠴᠤ᠂ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢᠨ | ᠵᠤᠭᠤᠰᠴᠢᠯᠠᠨ ᠲᠥᠪᠬᠢᠨᠡᠭᠦᠯᠬᠦ ᠠᠷᠭ᠎ᠠ ᠮᠠᠶ᠋ᠢᠭ ᠢ ᠵᠦᠢ ᠵᠣᠬᠢᠰᠲᠠᠶ ᠲᠣᠭᠲᠠᠭᠠᠵᠤ᠂ ᠡᠯ᠎ᠡ ᠵᠦᠢᠯ ᠤᠨ ᠳᠡᠮᠵᠢᠯᠭᠡ | ᠦᠵᠡᠭᠦᠯᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠪᠠ᠃ ᠲᠠᠸᠠᠷ ᠤᠨ ᠣᠷᠣᠨ ᠰᠠᠭᠤᠴᠠ ᠶᠢᠨ | ᠬᠠᠳᠠᠭᠠᠯᠠᠭᠳᠠᠴᠠ ᠶᠢᠨ ᠬᠡᠮᠵᠢᠶ᠎ᠡ ᠶᠡᠭᠡ᠂ ᠵᠠᠬ᠎ᠠ ᠳᠡᠯᠭᠡᠭᠦᠷ ᠤᠨ ᠭᠡᠷ ᠪᠠᠶᠢᠰᠢᠩ ᠤᠨ ᠢᠷᠡᠯᠲᠡ ᠬᠠᠩᠭᠠᠮᠵᠢᠲᠠᠶ ᠭᠠᠵᠠᠷ | ᠣᠷᠣᠨ ᠳᠤ ᠳᠥᠭᠦᠮ ᠪᠦᠲᠦᠴᠡᠲᠦ ᠣᠷᠣᠨ ᠰᠠᠭᠤᠴᠠ ᠶᠢᠨ ᠥᠭᠡᠷᠡᠴᠢᠯᠡᠯᠲᠡ ᠶᠢᠨ ᠵᠤᠭᠤᠰᠴᠢᠯᠠᠨ ᠲᠥᠪᠬᠢᠨᠡᠭᠦᠯᠬᠦ ᠶᠢ | ᠦᠨᠳᠦᠰᠦᠨ ᠳᠡᠭᠡᠨ ᠪᠡᠶᠡᠯᠡᠭᠦᠯᠪᠡ᠃ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠬᠦ ᠪᠠᠷ ᠳᠠᠮᠵᠢᠭᠠᠳ᠂ ᠥᠪᠥᠷ ᠮᠣᠩᠭᠤᠯ ᠤᠨ | ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠰᠠᠭᠤᠭᠠᠯᠢ ᠠᠷᠠᠳ ᠣᠷᠴᠢᠨ ᠲᠣᠭᠤᠷᠢᠨ ᠨᠢ ᠪᠤᠵᠠᠷ | ᠰᠠᠮᠠᠭᠤᠨ ᠪᠠᠷᠤᠭᠲᠠᠶ ︽ᠰᠢᠬᠠᠭᠤ ᠰᠠᠭᠤᠴᠠ︾ ᠠᠴᠠ ᠪᠠᠨ ᠢᠳᠡᠭ ᠢᠳᠡᠭ ᠢᠶᠠᠷ ᠰᠠᠯᠵᠤ᠂ ᠠᠭᠤᠵᠢᠭᠤ ᠰᠠᠷᠠᠭᠤᠯ | ᠰᠢᠨ᠎ᠡ ᠠᠰᠠᠷ ᠪᠠᠶᠢᠰᠢᠩ ᠳᠤ ᠰᠠᠭᠤᠭᠰᠠᠨ ᠪᠠᠶᠢᠨ᠎ᠠ᠃ ︽ᠡᠨᠡ ᠵᠢᠯ ᠮᠠᠨ ᠤ ᠣᠷᠣᠨ ᠮᠥᠨᠬᠦ ᠳᠥᠭᠦᠮ ᠪᠦᠲᠦᠴᠡᠲᠦ | ᠣᠷᠣᠨ ᠰᠠᠭᠤᠴᠠ ᠶᠢᠨ ᠲᠣᠭᠤᠷᠢᠭ ᠤᠨ ᠦᠭᠡᠷᠡᠴᠢᠯᠡᠯᠲᠡ ᠶᠢ ᠶᠡᠬᠡᠪᠡᠷ ᠬᠡᠷᠡᠭᠵᠢᠭᠦᠯᠦᠨ᠎ᠡ᠃ ︿ᠬᠦᠴᠦᠨ ᠢᠶᠠᠨ | ᠰᠢᠪᠬᠠᠨ ᠬᠢᠬᠦ ᠮᠥᠷᠲᠡᠭᠡᠨ ᠪᠠᠰᠠ ᠴᠢᠳᠠᠯ ᠢᠶᠠᠷ ᠢᠶᠠᠨ ᠬᠢᠬᠦ﹀ ᠵᠠᠷᠴᠢᠮ ᠢᠶᠠᠷ᠂ ᠳᠥᠭᠦᠮ ᠪᠦᠲᠦᠴᠡᠲᠦ ᠣᠷᠣᠨ | ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ᠬᠤᠲᠠ ᠶᠢᠨ ᠳᠤᠮᠳᠠᠬᠢ | ᠲᠣᠰᠬᠤᠨ ᠤ ᠥᠭᠡᠷᠡᠴᠢᠯᠡᠯᠲᠡ ᠶᠢ ᠯᠠᠪᠳᠠᠭᠤᠨ ᠢᠶᠠᠷ ᠬᠡᠷᠡᠭᠵᠢᠭᠦᠯᠵᠦ᠂ ᠣᠷᠣᠨ ᠰᠠᠭᠤᠴᠠ ᠶᠢᠨ ᠬᠠᠭᠤᠴᠢᠨ | ᠲᠣᠭᠤᠷᠢᠭ ᠤᠨ ᠶᠡᠷᠦᠩᠬᠡᠶᠢᠯᠡᠭᠰᠡᠨ ᠵᠠᠰᠠᠯᠲᠠ᠂ ᠨᠤᠷᠠᠬᠤ ᠠᠶᠤᠯᠲᠠᠶ ᠭᠡᠷ ᠪᠠᠶᠢᠰᠢᠩ ᠪᠣᠯᠣᠨ ᠢᠵᠢ ᠪᠦᠷᠢᠳᠦᠭᠡᠳᠦᠢ | ᠣᠷᠣᠨ ᠰᠠᠭᠤᠴᠠ ᠶᠢᠨ ᠦᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠳᠥᠭᠦᠮ | ᠪᠦᠲᠦᠴᠡᠲᠦ ᠣᠷᠣᠨ ᠰᠠᠭᠤᠴᠠ ᠶᠢᠨ ᠥᠭᠡᠷᠡᠴᠢᠯᠡᠯᠲᠡ ᠶᠢ ︿ᠬᠤᠲᠠ ᠶᠢᠨ ᠬᠤᠣᠰ ᠵᠠᠰᠠᠯᠲᠠ﹀ ᠲᠠᠢ | ᠤᠶᠠᠯᠳᠤᠭᠤᠯᠵᠦ᠂ ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠥᠷᠭᠡᠳᠬᠡᠨ᠂ | ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠦᠬᠦᠮ ᠪᠦᠳᠦᠴᠡᠳᠦ ᠣᠷᠣᠨ ᠰᠠᠭᠤᠴᠠ ᠶᠢᠨ | ᠥᠭᠡᠷᠡᠴᠢᠯᠡᠯᠲᠡ ᠶᠢᠨ ᠵᠤᠭᠤᠰᠴᠢᠯᠠᠨ ᠲᠥᠪᠬᠢᠨᠡᠭᠦᠯᠬᠦ ᠶᠢ ᠠᠬᠢᠭᠤᠯᠵᠤ᠂ ᠣᠯᠠᠨ ᠲᠦᠮᠡᠨ ᠤ ᠣᠷᠣᠨ ᠰᠠᠭᠤᠴᠠ ᠶᠢᠨ | ᠬᠦᠴᠢᠷᠳᠡᠯ ᠢ ᠦᠨᠡᠨ ᠬᠦ ᠰᠢᠢᠳᠪᠦᠷᠢᠯᠡᠨ᠎ᠡ᠃ 2018 ᠣᠨ ᠳᠤ ᠪᠦᠬᠦ ᠣᠷᠣᠨ 14.1 ᠲᠦᠮᠡᠨ ᠢᠵᠢ ᠳᠥᠭᠦᠮ | ᠪᠦᠳᠦᠴᠡᠳᠦ ᠣᠷᠣᠨ ᠰᠠᠭᠤᠴᠠ ᠶᠢᠨ ᠥᠭᠡᠷᠡᠴᠢᠯᠡᠯᠲᠡ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ︾ ᠭᠡᠵᠦ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠳᠬᠡᠪᠡ᠃ | |