2 ᠳ᠋ᠤᠭᠠᠷ ᠰᠠᠷ᠎ᠠ ᠶᠢᠨ 25 ᠤ ᠡᠳᠦᠷ᠂ ᠳᠤᠮᠳᠠᠳᠤ ᠤᠯᠤᠰ ᠤᠨ ᠲᠡᠮᠦᠷ ᠵᠠᠮ ᠤᠨ ᠠᠷᠪᠠᠨ ᠳᠥᠷᠪᠡᠳᠦᠭᠡᠷ | ᠲᠣᠪᠴᠢᠶ᠎ᠠ ᠶᠢᠨ CPG500 ᠬᠡᠯᠪᠡᠷᠢ ᠶᠢᠨ ᠲᠡᠮᠦᠷ ᠵᠠᠮ ᠳᠡᠪᠢᠰᠬᠦ ᠮᠠᠰᠢᠨ 182 ᠬᠤᠤᠰ 500 ᠮᠧᠲᠷ ᠤᠨ | ᠤᠷᠲᠤ ᠲᠡᠮᠦᠷ ᠵᠠᠮ ᠢ ᠠᠮᠤᠷ ᠲᠦᠪᠰᠢᠨ ᠪᠦᠭᠡᠳ ᠲᠣᠭᠲᠠᠭᠤᠨ ᠢᠶᠠᠷ ᠳᠡᠪᠢᠰᠬᠦ ᠶᠢ ᠳᠠᠭᠠᠯᠳᠤᠨ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠢᠭᠡᠳ ᠵᠡᠭᠦᠨ ᠬᠤᠶᠢᠲᠤ ᠣᠷᠣᠨ ᠢ ᠬᠤᠯᠪᠤᠭᠰᠠᠨ ᠠᠩᠬᠠᠳᠠᠭᠴᠢ | ᠳᠡᠭᠡᠳᠦ ᠬᠤᠷᠳᠤᠴᠠᠲᠦ ᠲᠡᠮᠦᠷ ᠵᠠᠮ — ᠥᠪᠥᠷ ᠮᠣᠩᠭᠤᠯ ᠤᠨ ᠲᠦᠩᠯᠢᠶᠣᠤ ᠠᠴᠠ ᠯᠢᠶᠣᠤᠨᠢᠩ ᠤᠨ ᠰᠢᠨ ᠮᠢᠨ ᠤ | ᠬᠤᠶᠢᠲᠦ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠢ ᠮᠠᠨ ᠤ ᠣᠷᠣᠨ ᠤ ᠬᠢᠯᠢ ᠶᠢᠨ ᠳᠣᠲᠣᠷ᠎ᠠ ᠳᠡᠪᠢᠰᠴᠦ | ᠡᠬᠢᠯᠡᠭᠰᠡᠨ ᠠᠴᠠ᠂ ᠪᠦᠬᠦ ᠱᠤᠭᠤᠮ ᠤᠨ ᠤᠷᠤᠭᠰᠢᠲᠠᠶ ᠪᠠᠷ ᠲᠡᠷᠭᠡ ᠨᠡᠪᠲᠡᠷᠡᠬᠦ ᠳᠤ ᠠᠰᠢᠭᠲᠠᠶ ᠨᠥᠬᠦᠴᠡᠯ ᠢ | ᠪᠦᠷᠢᠯᠳᠦᠭᠦᠯᠵᠦ ᠥᠭᠭᠦᠭᠰᠡᠨ ᠪᠠᠶᠢᠨ᠎ᠠ᠃ | ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠤᠨ ᠲᠦᠩᠯᠢᠶᠣᠤ ᠠᠴᠠ ᠯᠢᠶᠣᠤᠨᠢᠩ ᠤᠨ ᠰᠢᠨ ᠮᠢᠨ ᠤ | ᠬᠤᠶᠢᠲᠦ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠤᠨ ᠭᠤᠣᠯ ᠱᠤᠭᠤᠮ ᠢ 398.8 ᠺᠢᠯᠣᠮᠧᠲᠷ ᠳᠡᠪᠢᠰᠦᠨ᠎ᠡ᠂ | 1 ᠳ᠋ᠤᠬᠡᠷ ᠰᠠᠷ᠎ᠠ ᠶᠢᠨ 7 ᠤ ᠡᠳᠦᠷ ᠲᠡᠮᠦᠷ ᠵᠠᠮ ᠳᠡᠪᠢᠰᠬᠦ ᠠᠵᠢᠯ ᠵᠢᠩᠬᠢᠨᠢ ᠪᠠᠷ ᠡᠬᠢᠯᠡᠭᠰᠡᠨ ᠠᠴᠠ ᠨᠠᠰᠢ᠂ ᠲᠡᠮᠦᠷ | ᠵᠠᠮ ᠢ ᠨᠡᠶᠢᠲᠡ 90 ᠺᠢᠯᠣᠮᠧᠲᠷ ᠳᠡᠪᠢᠰᠴᠦ᠂ ᠲᠦᠷᠦᠯ ᠵᠦᠢᠯ ᠤᠨ ᠰᠠᠯᠠᠭ᠎ᠠ ᠮᠦᠴᠢᠷ ᠨᠢ ᠲᠡᠮᠦᠷ ᠵᠠᠮ ᠳᠡᠪᠢᠰᠬᠦ | ᠮᠠᠰᠢᠨ ᠨᠢᠭᠡᠪᠦᠷᠢ ᠡᠳᠦᠷ ᠲᠤ 1.5 ᠺᠢᠯᠣᠮᠧᠲᠷ ᠠᠴᠠ ᠳᠡᠭᠡᠭᠰᠢ ᠳᠡᠪᠢᠰᠬᠦ ᠶᠢ ᠦᠨᠡᠨ ᠬᠦ ᠪᠠᠲᠤᠯᠠᠵᠤ᠂ ᠵᠢᠱᠢᠯᠲᠡ ᠪᠠᠷ | ᠲᠡᠮᠦᠷ ᠵᠠᠮ ᠳᠡᠪᠢᠰᠬᠦ ᠪᠠᠷᠢᠯᠭ᠎ᠠ ᠶᠢ 2018 ᠤᠨ ᠤ 6 ᠳ᠋ᠤᠭᠠᠷ ᠰᠠᠷ᠎ᠠ ᠳᠤ ᠳᠠᠭᠤᠰᠬᠠᠵᠤ᠂ 7 ᠳ᠋ᠤᠭᠠᠷ ᠰᠠᠷ᠎ᠠ ᠳᠤ | ᠲᠥᠬᠦᠭᠡᠷᠦᠮᠵᠢ ᠶᠢ ᠬᠤᠯᠪᠣᠨ ᠲᠤᠬᠢᠷᠠᠭᠤᠯᠵᠤ ᠬᠤᠯᠪᠤᠨ ᠲᠤᠷᠰᠢᠬᠤ ᠪᠤᠯᠤᠨ᠎ᠠ᠃ | ᠥᠪᠥᠷ ᠮᠣᠩᠭᠤᠯ ᠤᠨ ᠲᠦᠩᠯᠢᠶᠣᠤ ᠠᠴᠠ ᠯᠢᠶᠣᠤᠨᠢᠩ ᠤᠨ ᠰᠢᠨ ᠮᠢᠨ ᠤ ᠬᠤᠶᠢᠲᠦ ᠬᠦᠷᠬᠦ ᠳᠡᠭᠡᠳᠦ | ᠬᠤᠷᠳᠤᠴᠠᠲᠤ ᠲᠡᠮᠦᠷ ᠵᠠᠮ ᠤᠨ ᠵᠢᠷᠤᠵᠤ ᠲᠥᠯᠥᠪᠯᠡᠭᠰᠡᠨ ᠴᠠᠭ ᠤᠨ ᠬᠤᠷᠳᠤᠴᠠ ᠨᠢ 250 ᠺᠢᠯᠣᠮᠧᠲᠷ ᠪᠠᠶᠢᠵᠤ᠂ | ᠤᠯᠤᠰ ᠤᠨ ᠤᠷᠲᠤᠪᠲᠤᠷ ᠪᠠ ᠣᠷᠳᠣ ᠬᠤᠭᠤᠴᠠᠭᠠᠨ ᠤ ᠲᠡᠮᠦᠷ ᠵᠠᠮ ᠤᠨ ᠲᠤᠤᠷ ᠤᠨ ᠲᠥᠯᠥᠪᠵᠢᠭᠦᠯᠭᠡ ᠪᠤᠯᠬᠤ ︽ | ᠨᠠᠢᠮᠠᠨ ᠭᠤᠯᠳᠤ ᠨᠠᠢᠮᠠᠨ ᠬᠦᠨᠳᠡᠯᠡᠨ︾ ᠳᠡᠭᠡᠳᠦ ᠬᠤᠷᠳᠤᠴᠠᠲᠤ ᠲᠡᠮᠦᠷ ᠵᠠᠮ ᠤᠨ ᠲᠣᠣᠷ ᠤᠨ ᠪᠦᠷᠢᠯᠳᠦᠬᠦᠨ ᠬᠡᠰᠡᠭ | ᠨᠢ ᠪᠤᠯᠤᠨ᠎ᠠ᠂ ᠶᠠᠭ ᠪᠠᠶᠢᠭᠤᠯᠵᠤ ᠪᠠᠶᠢᠭ᠎ᠠ ᠪᠡᠭᠡᠵᠢᠩ ᠠᠴᠠ ᠮᠦᠭᠳᠡᠨ ᠬᠦᠷᠬᠦ ᠳᠡᠭᠡᠳᠦ ᠬᠤᠷᠳᠤᠴᠠᠲᠤ ᠲᠡᠮᠦᠷ ᠵᠠᠮ | ᠲᠠᠢ ᠬᠤᠯᠪᠤᠵᠤ᠂ ᠵᠡᠭᠦᠨ ᠬᠤᠶᠢᠲᠤ ᠣᠷᠣᠨ ᠴᠢᠨᠠᠭᠰᠢᠯᠠᠪᠠᠯ ᠪᠦᠬᠦ ᠤᠯᠤᠰ ᠤᠨ ᠳᠡᠭᠡᠳᠦ ᠬᠤᠷᠳᠤᠴᠠᠲᠤ ᠲᠡᠮᠦᠷ | ᠵᠠᠮ ᠤᠨ ᠲᠣᠣᠷ ᠲᠤ ᠤᠷᠤᠭᠤᠯᠬᠤ ᠪᠤᠯᠤᠨ᠎ᠠ᠃ ᠪᠠᠷᠢᠵᠤ ᠳᠠᠭᠤᠰᠬᠠᠨ ᠲᠡᠷᠭᠡ ᠨᠡᠪᠲᠡᠷᠡᠭᠰᠡᠨ ᠤ ᠳᠠᠷᠠᠭ᠎ᠠ᠂ | ᠲᠦᠩᠯᠢᠶᠣᠤ ᠠᠴᠠ ᠮᠦᠭᠳᠡᠨ ᠬᠦᠷᠬᠦ ᠴᠠᠭ ᠨᠢ ᠤᠳᠤ ᠶᠢᠨ 5 ᠴᠠᠭ ᠣᠷᠴᠢᠮ ᠪᠠᠶᠢᠭᠰᠠᠨ ᠠᠴᠠ ᠪᠠᠨ 1.5 ᠴᠠᠭ | ᠤᠷᠴᠢᠮ ᠪᠤᠯᠤᠨ ᠪᠤᠭᠤᠨᠢᠰᠴᠤ᠂ ᠲᠦᠩᠯᠢᠶᠣᠤ ᠠᠴᠠ ᠪᠡᠭᠡᠵᠢᠩ ᠬᠦᠷᠬᠦ ᠴᠠᠭ ᠨᠢ ᠤᠳᠤ ᠶᠢᠨ 14 ᠴᠠᠭ ᠣᠷᠴᠢᠮ | ᠪᠠᠶᠢᠭᠰᠠᠨ ᠠᠴᠠ ᠪᠠᠨ 3.5 ᠴᠠᠭ ᠣᠷᠴᠢᠮ ᠪᠤᠯᠵᠤ ᠪᠤᠭᠤᠨᠢᠰᠬᠤ ᠪᠤᠯᠤᠨ᠎ᠠ᠃ |