2017 ᠣᠨ ᠤ 3 ᠳ᠋ᠤᠭᠠᠷ ᠰᠠᠷ᠎ᠠ ᠳᠤ ︽ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠦᠢᠯᠡᠰ ᠤᠨ | ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠵᠢᠭᠦᠯᠦᠯᠲᠡ ᠶᠢᠨ ᠲᠥᠰᠦᠯ ᠢ ᠳᠠᠷᠤᠮᠠᠯᠯᠠᠨ | ᠲᠠᠷᠬᠠᠭᠠᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ︽ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ | ᠦᠢᠯᠡᠰ ᠤᠨ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠵᠢᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠱᠠᠭᠠᠷᠳᠠᠯᠭ᠎ᠠ ᠶᠣᠰᠣᠭᠠᠷ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠣᠷᠣᠨ ᠪᠠᠶᠢᠷᠢ ᠶᠢᠨ ᠲᠣᠭᠤᠷᠢᠨ ᠳᠤ᠂ | ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠦᠢᠯᠡᠰ ᠤᠨ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ | ᠲᠦᠷᠭᠡᠳᠬᠡᠨ ᠠᠬᠢᠭᠤᠯᠵᠤ᠂ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠨᠢ ᠪᠠᠳᠠᠷᠠᠭᠤᠯᠪᠠ᠃ | ᠣᠳᠣᠬᠠᠨ ᠪᠣᠯᠬᠤ ᠳᠤ᠂ ᠮᠠᠨ ᠤ ᠣᠷᠣᠨ ᠤ ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠠᠵᠤ ᠠᠬᠤᠶᠢᠯᠠᠯ | ᠨᠢ ᠵᠢᠱᠢᠶ᠎ᠡ ᠦᠵᠡᠭᠦᠯᠬᠦ ᠪᠠᠷ ᠳᠡᠰ ᠳᠡᠪᠰᠢᠭᠦᠯᠬᠦ ᠶᠢ ᠳᠠᠶᠢᠴᠢᠯᠠᠬᠤ᠂ ᠣᠷᠣᠨ ᠵᠠᠶ ᠶᠢᠨ ᠪᠠᠶᠢᠷᠢᠰᠢᠯ ᠢ ᠰᠢᠯᠢᠳᠡᠭᠵᠢᠭᠦᠯᠬᠦ᠂ | ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨᠠᠬᠢ ᠶᠢ ᠠᠭᠤᠰᠤᠯᠴᠠᠭᠤᠯᠤᠨ ᠬᠥᠭᠵᠢᠭᠦᠯᠬᠦ᠂ ᠬᠥᠭᠵᠢᠯᠲᠡ ᠶᠢᠨ | ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ᠂ ᠦᠢᠯᠡᠴᠢᠯᠡᠭᠡᠨ ᠤ ᠡᠵᠡᠩᠨᠡᠨ ᠪᠣᠷᠣᠯᠠᠭᠤᠯᠬᠤ ᠲᠠᠯ᠎ᠠ ᠪᠠᠷ ᠰᠢᠨ᠎ᠡ ᠶᠢ | ᠡᠭᠦᠳᠬᠦ ᠵᠡᠷᠭᠡ ᠤᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠣᠳᠠᠲᠤ ᠴᠤᠭᠴᠠᠲᠤ ᠵᠢᠵᠢᠭᠯᠡᠨ | ᠬᠤᠳᠠᠯᠳᠤᠬᠤ ᠦᠢᠯᠡᠰ ᠤᠨ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠨ ᠬᠥᠭᠵᠢᠭᠦᠯᠬᠦ ᠶᠢ | ᠠᠬᠢᠭᠤᠯᠵᠤ᠂ ᠨᠡᠯᠢᠶᠡᠳ ᠰᠠᠶᠢᠨ ᠦᠷ᠎ᠡ ᠪᠦᠲᠦᠮᠵᠢ ᠣᠯᠵᠠᠶ᠃ ᠠᠵᠤ ᠠᠬᠤᠶᠢᠯᠠᠯ ᠨᠢ ᠤᠶᠤᠨᠯᠢᠭ ᠬᠤᠳᠠᠯᠳᠤᠭᠠᠨ ᠤ | ᠬᠥᠷᠢᠶ᠎ᠡ ᠶᠢᠨ ᠪᠦᠲᠦᠭᠡᠨ ᠪᠠᠶᠢᠭᠤᠯᠤᠯᠲᠠ ᠪᠠᠷ ᠬᠠᠷᠠᠯᠲᠠ ᠪᠣᠯᠭᠠᠨ᠂ ᠪᠣᠯᠪᠠᠰᠤᠷᠠᠩᠭᠤᠢ ᠬᠤᠳᠠᠯᠳᠤᠭᠠᠨ ᠤ ᠬᠥᠷᠢᠶ᠎ᠡ ᠶᠢ | ᠥᠭᠡᠷᠡᠴᠢᠯᠡᠨ ᠲᠡᠰ ᠳᠡᠪᠰᠢᠭᠦᠯᠬᠦ ᠠᠵᠢᠯ ᠢ ᠭᠦᠨᠵᠡᠭᠡᠶ ᠲᠦᠯᠬᠢᠨ ᠠᠬᠢᠭᠤᠯᠵᠤ᠂ ᠡᠵᠡᠩᠨᠡᠯᠲᠡ ᠶᠢᠨ ᠪᠠᠶᠢᠳᠠᠯ ᠂ ᠬᠡᠯᠪᠡᠷᠢ | ᠪᠠᠶᠢᠳᠠᠯ ᠂ ᠬᠡᠪ ᠪᠠᠶᠢᠳᠠᠯ ᠂ ᠣᠷᠴᠢᠨ ᠪᠠᠶᠢᠳᠠᠯ ︽ᠲᠦᠷᠪᠡ ᠶᠢ ᠨᠢᠭᠡ ᠴᠤᠬᠴᠠᠵᠢᠭᠤᠯᠬᠤ︾ ᠪᠦᠲᠦᠭᠡᠨ ᠪᠠᠶᠢᠭᠤᠯᠤᠯᠲᠠ | ᠶᠢ ᠠᠬᠢᠭᠤᠯᠵᠤ᠂ ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠦᠢᠯᠡᠰ ᠢ ᠠᠮᠢᠳᠤᠷᠠᠯ ᠤᠨ ᠴᠢᠨᠠᠷ᠂ ᠣᠶᠢᠯᠠᠭᠠᠬᠤ | ᠬᠡᠯᠪᠡᠷᠢ ᠂ ᠨᠡᠶᠢᠭᠡᠮ ᠤᠨ ᠬᠠᠷᠢᠯᠴᠠᠭᠠᠨ ᠤ ᠬᠡᠯᠪᠡᠷᠢ ᠵᠦᠭ ᠬᠡᠯᠪᠡᠷᠢ ᠶᠢ ᠨᠢ ᠬᠤᠪᠢᠷᠠᠭᠤᠯᠬᠤ ᠶᠢ ᠠᠬᠢᠭᠤᠯᠪᠠ᠃ | ᠰᠢᠨ᠎ᠡ ᠴᠠᠭ ᠦᠶ᠎ᠡ ᠶᠢᠨ ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠦᠢᠯᠡᠰ ᠤᠨ ᠰᠢᠨ᠎ᠡ ᠬᠠᠨᠳᠤᠰᠢ᠂ | ᠰᠢᠨ᠎ᠡ ᠣᠨᠴᠠᠯᠢᠭ ᠲᠠᠢ ᠤᠶᠠᠯᠳᠤᠭᠤᠯᠵᠤ᠂ ᠲᠠᠷᠠᠭᠠᠴᠢ ᠶᠢᠨ ᠠᠯᠬᠤᠮ ᠳᠤ ᠬᠤᠳᠠᠯᠳᠤᠭᠠᠨ ᠤ ᠶᠠᠪᠤᠳᠠᠯ ᠤᠨ ᠲᠢᠩᠬᠢᠮ | ᠪᠠᠰᠠ ᠲᠦᠷᠦ ᠶᠢᠨ ᠪᠤᠳᠤᠯᠭ᠎ᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠤᠯᠠᠮ ᠴᠢᠨᠠᠭᠰᠢᠳᠠ ᠪᠠᠳᠠᠷᠠᠭᠤᠯᠵᠤ᠂ | ᠠᠵᠢᠯ ᠲᠦᠷᠦᠯ ᠤᠨ ᠬᠥᠭᠵᠢᠯᠲᠡ ᠶᠢᠨ ᠳᠠᠯᠳᠠ ᠬᠦᠴᠦᠨ ᠢ ᠬᠥᠭᠵᠢᠭᠡᠵᠦ᠂ ᠪᠣᠳᠠᠲᠤ ᠴᠤᠭᠴᠠᠲᠤ ᠵᠢᠵᠢᠭᠯᠡᠨ | ᠬᠤᠳᠠᠯᠳᠤᠬᠤ ᠦᠢᠯᠡᠰ ᠢ ᠦᠷᠭᠦᠯᠵᠢᠯᠡᠨ ᠡᠷᠡᠭᠦᠯ ᠢᠶᠠᠷ ᠬᠥᠭᠵᠢᠭᠦᠯᠬᠦ ᠪᠠᠷ ᠪᠠᠶᠢᠨ᠎ᠠ᠃ |