2017 ᠣᠨ ᠳᠤ᠂ ᠮᠠᠨ ᠤ ᠣᠷᠣᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ | ᠳᠤᠪᠤᠶᠢᠮ᠎ᠠ ᠪᠠᠶᠢᠭ᠎ᠠ ᠪᠠᠶᠢᠳᠠᠯ ᠤᠨ ᠳᠣᠣᠷ᠎ᠠ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ | ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠶᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠶᠤᠰᠤᠭᠠᠷ᠂ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠢᠶᠠᠨ ᠪᠠᠲᠤᠯᠠᠨ | ᠰᠠᠶᠢᠵᠢᠷᠠᠭᠤᠯᠵᠤ᠂ ᠪᠦᠬᠦ ᠵᠢᠯ ᠳᠤ ᠨᠡᠶᠢᠭᠡᠮ ᠤᠨ ᠪᠠᠲᠤᠯᠠᠭ᠎ᠠ ᠶᠢᠨ ᠵᠠᠷᠤᠯᠭ᠎ᠠ 699.7 ᠳ᠋ᠦᠩᠰᠢᠭᠤᠷ ᠲᠥᠭᠦᠷᠢᠭ | ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.9% ᠪᠠᠷ ᠨᠡᠮᠡᠭᠳᠡᠪᠡ᠃ | 2017 ᠣᠨ ᠳᠤ᠂ ᠨᠡᠶᠢᠭᠡᠮ ᠤᠨ ᠳᠠᠭᠠᠳᠬᠠᠯ ᠤᠨ ᠵᠠᠷᠤᠯᠭ᠎ᠠ ᠨᠡᠮᠡᠭᠳᠡᠬᠦ ᠶᠢ ᠳᠠᠭᠠᠯᠳᠤᠨ᠂ ᠪᠥᠬᠦ ᠣᠷᠣᠨ ᠤ | ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠳ᠋ ᠤᠨ ᠵᠠᠰᠠᠭ ᠤᠨ | ᠨᠥᠬᠦᠪᠥᠷᠢ ᠶᠢᠨ ᠪᠠᠷᠢᠮᠵᠢᠶ᠎ᠠ ᠶᠢ ᠤᠤᠯ ᠤᠨ ᠬᠥᠮᠦᠨ ᠪᠦᠷᠢ ᠵᠢᠯ ᠳᠤ 420 ᠲᠥᠭᠦᠷᠢᠭ ᠪᠠᠶᠢᠭᠰᠠᠨ ᠠᠴᠠ ᠨᠢ 450 | ᠲᠥᠭᠦᠷᠢᠭ ᠪᠤᠯᠭᠠᠨ ᠦᠰᠭᠡᠵᠦ᠂ ᠬᠤᠳᠠ᠂ ᠬᠦᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ ᠤᠨ | ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ ᠰᠠᠷ᠎ᠠ ᠳᠤ ᠬᠥᠮᠦᠨ ᠪᠦᠷᠢ ᠳᠤᠮᠳᠠᠴᠢ ᠪᠠᠷ ᠲᠤᠰ ᠲᠤᠰ 49 | ᠲᠥᠭᠦᠷᠢᠭ ᠪᠠ 55 ᠲᠥᠭᠦᠷᠢᠭ ᠳᠡᠭᠡᠭᠰᠢᠯᠡᠭᠦᠯᠵᠦ᠂ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠪᠠᠷᠢᠮᠵᠢᠶ᠎ᠠ ᠶᠢ ᠰᠠᠷ᠎ᠠ ᠳᠤ ᠬᠥᠮᠦᠨ ᠪᠦᠷᠢ ᠳᠤᠮᠳᠠᠴᠢ ᠪᠠᠷ | 151 ᠲᠥᠭᠦᠷᠢᠭ ᠳᠡᠭᠡᠭᠰᠢᠯᠡᠭᠦᠯᠵᠦ᠂ 1.7 ᠲᠦᠮᠡᠨ ᠡᠷᠦᠬᠡ ᠬᠢᠯᠢ ᠶᠢᠨ ᠠᠷᠠᠳ ᠤᠨ ᠠᠮᠢᠳᠤᠷᠠᠯ ᠤᠨ | ᠨᠥᠬᠦᠪᠥᠷᠢ ᠶᠢᠨ ᠪᠠᠷᠢᠮᠵᠢᠶ᠎ᠠ ᠶᠢ ᠵᠢᠯ ᠪᠦᠷᠢ ᠡᠷᠥᠭᠡ ᠪᠦᠷᠢ 1000 ᠲᠥᠭᠦᠷᠢᠭ ᠪᠠᠶᠢᠭᠰᠠᠨ ᠠᠴᠠ ᠨᠢ 2000 | ᠲᠥᠭᠦᠷᠢᠭ ᠪᠤᠯᠭᠠᠨ ᠳᠡᠭᠡᠭᠰᠢᠯᠡᠭᠦᠯᠪᠡ᠃ ᠡᠭᠦᠨ ᠤ ᠵᠡᠷᠭᠡᠴᠡᠭᠡᠪᠡᠷ᠂ ᠮᠠᠨ ᠤ ᠣᠷᠣᠨ ᠠᠵᠢᠯ ᠣᠯᠭᠤᠬᠤ ᠠᠳᠠᠯ | ᠦᠢᠯᠡᠰ ᠴᠣᠭᠴᠠᠯᠠᠬᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠣᠬᠢᠷᠠᠭᠤᠯᠤᠨ ᠪᠦᠷᠢᠨᠰᠢᠭᠦᠯᠵᠦ᠂ ᠪᠦᠬᠦ ᠣᠷᠣᠨ ᠤ | ᠠᠵᠢᠯ ᠣᠯᠭᠤᠯᠲᠠ ᠶᠢᠨ ᠵᠠᠷᠤᠯᠭ᠎ᠠ 24.3 ᠳ᠋ᠦᠩᠰᠢᠭᠤᠷ ᠲᠥᠭᠦᠷᠢᠭ ᠲᠤ ᠬᠦᠷᠴᠦ᠂ ᠭᠤᠣᠯᠳᠠᠯᠭ᠎ᠠ ᠲᠠᠢ ᠠᠵᠢᠯ | ᠣᠯᠭᠤᠯᠲᠠ ᠶᠢᠨ ᠪᠦᠯᠦᠭᠯᠡᠯ ᠪᠤᠯᠤᠨ ᠪᠦᠬᠦᠯᠢ ᠴᠣᠭᠴᠠ ᠶᠢᠨ ᠠᠵᠢᠯ ᠣᠯᠭᠤᠯᠲᠠ ᠶᠢᠨ ᠪᠠᠶᠢᠳᠠᠯ ᠢ ᠲᠣᠭᠲᠠᠭᠤᠨ | ᠪᠠᠶᠢᠯᠭᠠᠬᠤ ᠶᠢ ᠠᠬᠢᠭᠤᠯᠵᠠᠢ︔ ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 164.4 ᠳ᠋ᠦᠩᠰᠢᠭᠤᠷ | ᠲᠥᠭᠦᠷᠢᠭ ᠪᠤᠯᠵᠤ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠤᠨ ᠪᠠᠲᠤᠯᠠᠭ᠎ᠠ ᠶᠢᠨ ᠴᠢᠨᠠᠷᠲᠠᠶ | ᠣᠷᠣᠨ ᠰᠠᠭᠤᠴᠠ ᠶᠢ 22.1 ᠲᠦᠮᠡᠨ ᠢᠵᠢ ᠦᠭᠡᠷᠡᠴᠢᠯᠡᠨ ᠪᠠᠶᠢᠭᠤᠯᠤᠭᠰᠠᠨ ᠪᠠ ᠡᠬᠢᠯᠡᠨ ᠪᠠᠶᠢᠭᠤᠯᠵᠤ᠂ 6.8 | ᠲᠦᠮᠡᠨ ᠡᠷᠦᠬᠡ ᠮᠠᠯᠴᠢᠨ ᠲᠠᠷᠢᠶᠠᠴᠢᠳ ᠤᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ ᠡᠭᠦᠷᠭᠡ ᠶᠢ | ᠪᠡᠶᠡᠯᠡᠭᠦᠯᠵᠡᠢ︔ 1.3 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠪᠠᠭᠤᠯᠭᠠᠵᠤ᠂ ᠪᠤᠶᠢᠳᠠ ᠪᠥᠭᠯᠡᠭᠦᠤ ᠮᠠᠯᠵᠢᠬᠤ | ᠲᠠᠷᠢᠶᠠᠯᠠᠬᠤ ᠣᠷᠣᠨ ᠤ ᠴᠠᠬᠢᠯᠭᠠᠨ ᠬᠡᠷᠡᠭᠯᠡᠬᠦ ᠶᠢ ᠳᠡᠰ ᠳᠡᠪᠰᠢᠭᠦᠯᠬᠦ ᠢᠨᠵᠧᠨᠧᠷᠢᠩ ᠵᠡᠷᠭᠡ ᠶᠢ ᠬᠡᠷᠡᠭᠵᠢᠭᠦᠯᠪᠡ᠃ |