2018 ᠣᠨ ᠳᠤ᠂ ᠮᠠᠨᠵᠤᠤᠷ ᠬᠤᠲᠠ ᠪᠣᠬᠢᠷᠲᠤᠯ ᠢ ᠵᠠᠰᠠᠬᠤ ᠠᠵᠢᠯ ᠤᠨ ᠰᠢᠪᠲᠤᠯᠤᠯᠲᠠ ᠶᠢ ᠰᠠᠶᠢᠲᠤᠷ | ᠬᠢᠵᠦ᠂ ᠮᠠᠨᠵᠤᠤᠷ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢᠨ ᠦᠷᠭᠦᠯᠵᠢᠯᠡᠨ | ᠰᠠᠶᠢᠵᠢᠷᠠᠬᠤ ᠶᠢ ᠲᠦᠯᠬᠢᠨ ᠠᠬᠢᠭᠤᠯᠬᠤ ᠪᠠᠷ ᠪᠠᠶᠢᠨ᠎ᠠ᠃ | ᠨᠢᠭᠡ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ | ᠳᠤᠭᠤᠶᠢᠯᠠᠩ ᠤᠨ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠨᠠᠶᠢᠳᠠᠪᠤᠷᠢᠵᠢᠭᠤᠯᠤᠯᠲᠠ ᠶᠢᠨ ᠠᠵᠢᠯ ᠢ | ᠭᠦᠨᠵᠡᠭᠡᠶ ᠲᠦᠯᠬᠢᠨ ᠠᠬᠢᠭᠤᠯᠤᠨ᠎ᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ | ᠪᠠᠶᠢᠴᠠᠭᠠᠬᠤ ᠠᠵᠢᠯ ᠤᠨ ᠱᠠᠭᠠᠷᠳᠠᠯᠭ᠎ᠠ ᠶᠣᠰᠣᠭᠠᠷ᠂ 2018 ᠣᠨ ᠳᠤ ᠮᠠᠨᠵᠤᠤᠷ ᠬᠤᠲᠠ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠴᠢᠩᠭ᠎ᠠ ᠪᠠᠶᠢᠴᠠᠭᠠᠯᠲᠠ ᠶᠢ | ᠳᠠᠬᠢᠨᠲᠠ ᠤᠭᠲᠤᠵᠤ᠂ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠨᠢ ᠮᠠᠨᠵᠤᠤᠷ | ᠬᠤᠲᠠ ᠶᠢᠨ ᠪᠡᠶᠡᠯᠡᠭᠦᠯᠦᠭᠡᠳᠦᠶ ᠡᠭᠦᠷᠭᠡ ᠶᠢ ᠵᠦᠢᠯ ᠳᠠᠷᠠᠭᠠᠯᠠᠨ ᠬᠠᠷᠢᠴᠠᠭᠤᠯᠤᠨ᠂ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠰᠢᠮᠳᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠬᠤᠭᠤᠴᠠᠭ᠎ᠠ ᠶᠣᠰᠣᠭᠠᠷ | ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ ᠣᠷᠴᠢᠨ ᠲᠣᠭᠤᠷᠢᠨ ᠤ ᠲᠠᠯ᠎ᠠ ᠪᠠᠷ ᠣᠷᠣᠰᠢᠵᠤ ᠪᠠᠶᠢᠭ᠎ᠠ | ᠲᠠᠯᠳᠠ ᠭᠡᠮ ᠪᠣᠯᠤᠨ ᠨᠢᠭᠡᠨᠲᠡ ᠴᠡᠭᠴᠡᠯᠡᠨ ᠵᠠᠰᠠᠭᠰᠠᠨ ᠵᠦᠢᠯᠡᠰ ᠲᠤ᠂ ︽ᠡᠷᠭᠢᠨ ᠬᠠᠷᠠᠬᠤ︾ ᠪᠠ ᠳᠠᠬᠢᠨ ᠬᠢᠨᠠᠨ | ᠪᠠᠶᠢᠴᠠᠭᠠᠬᠤ ᠠᠵᠢᠯᠯᠠᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠴᠡᠭᠴᠡᠯᠡᠨ ᠵᠠᠰᠠᠬᠤ ᠶᠢ ᠡᠷᠡᠰ ᠲᠤᠤᠱᠯᠠᠭᠤᠯᠵᠦ᠂ | ᠠᠰᠠᠭᠤᠳᠠᠯ ᠲᠠᠬᠢᠨ ᠡᠭᠦᠰᠬᠦ ᠶᠢ ᠰᠡᠷᠭᠡᠶᠢᠯᠡᠨ᠎ᠡ᠃ | ᠬᠤᠶᠠᠷ᠂ ᠤᠰᠤ᠂ ᠠᠭᠠᠷ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠶᠡᠬᠡᠪᠡᠷ | ᠬᠢᠨ᠎ᠡ᠃ ᠨᠢᠭᠡ ᠳᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠬᠢᠨ᠎ᠡ᠃ | ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠭᠰᠠᠨ ᠬᠤᠭᠤᠴᠠᠭ᠎ᠠ ᠶᠣᠰᠣᠭᠠᠷ ᠬᠤᠲᠠ ᠶᠢᠨ ᠳᠣᠲᠤᠷᠠᠬᠢ | ᠵᠣᠴᠢᠳ ᠤᠨ ᠪᠠᠭᠤᠳᠠᠯ ᠪᠠ ᠪᠡᠶ᠎ᠡ ᠤᠬᠢᠶᠠᠬᠤ ᠭᠠᠵᠠᠷ ᠤᠨ ᠭᠦᠸᠧᠯᠦ ᠶᠢ ᠰᠢᠯᠢᠳᠡᠭᠵᠢᠭᠦᠯᠬᠦ ᠠᠵᠢᠯ ᠢ ᠰᠠᠶᠢᠲᠤᠷ | ᠪᠡᠶᠡᠯᠡᠭᠦᠯᠦᠨ᠎ᠡ᠃ ᠬᠤᠶᠠᠷ ᠲᠤ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠶ ᠬᠢᠨ᠎ᠡ᠃ | ᠤᠯᠤᠰ ᠤᠨ ︽ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠬᠢᠭᠡᠳ ᠣᠷᠴᠢᠨ ᠲᠣᠭᠤᠷᠢᠨ ᠢ ᠶᠡᠷᠦᠩᠬᠡᠶᠢᠯᠡᠨ | ᠵᠠᠰᠠᠬᠤ ᠲᠤᠬᠠᠢ ᠬᠡᠷᠡᠭᠵᠢᠭᠦᠯᠬᠦ ᠲᠥᠰᠦᠯ︾ ᠢ ᠴᠢᠩᠭ᠎ᠠ ᠨᠠᠶᠢᠳᠠᠪᠤᠷᠢᠵᠢᠭᠤᠯᠵᠤ᠂ ᠬᠥᠯᠥᠨ ᠨᠠᠭᠤᠷ ᠤᠨ ᠡᠷᠬᠢᠨ | ᠲᠣᠭᠤᠷᠢᠨ ᠤ ᠤᠰᠤᠨ ᠣᠷᠴᠢᠨ ᠤ ᠠᠰᠠᠭᠤᠳᠠᠯ ᠳᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠡᠭᠡ | ᠳᠠᠩᠰᠠ ᠳᠠᠭᠠᠨ ᠴᠠᠭ ᠲᠤᠬᠠᠶ ᠳᠤᠨᠢ ᠣᠷᠣᠭᠤᠯᠵᠦ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠦᠨ᠎ᠡ᠃ 2018 | ᠣᠨ ᠤ ᠤᠰᠤᠨ ᠰᠤᠷᠪᠤᠯᠵᠢ ᠶᠢᠨ ᠭᠠᠵᠠᠷ ᠤᠨ ᠣᠷᠴᠢᠨ ᠲᠣᠭᠤᠷᠢᠨ ᠢ ᠦᠨᠡᠯᠡᠨ ᠵᠢᠱᠢᠬᠦ ᠠᠵᠢᠯ ᠢ ᠨᠠᠷᠢᠨ ᠬᠢᠨᠠᠮᠠᠭᠠᠶ | ᠥᠷᠨᠢᠭᠦᠯᠦᠨ᠎ᠡ᠃ ᠭᠤᠷᠪᠠ ᠳᠤ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠪᠦᠬᠦ ᠲᠠᠯ᠎ᠠ ᠪᠠᠷ | ᠬᠢᠨ᠎ᠡ᠃ ᠬᠥᠷᠥᠰᠥ ᠰᠢᠷᠣᠶ ᠶᠢᠨ ᠣᠷᠴᠢᠨ ᠠᠬᠤᠶ ᠶᠢᠨ ᠶᠠᠰᠤ ᠴᠢᠨᠠᠷ ᠤᠨ ᠪᠠᠶᠢᠳᠠᠯ ᠢ ᠪᠠᠶᠢᠴᠠᠭᠠᠬᠤ ᠪᠠ ᠥᠨᠡᠯᠡᠬᠦ | ᠲᠤᠬᠠᠶ ᠤᠯᠤᠰ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠮᠠᠨᠵᠤᠤᠷ ᠬᠤᠲᠠ ᠶᠢᠨ ᠬᠥᠷᠥᠰᠥ ᠰᠢᠷᠣᠶ ᠶᠢᠨ | ᠣᠷᠴᠢᠨ ᠠᠬᠤᠶ ᠶᠢᠨ ᠶᠠᠰᠤ ᠴᠢᠨᠠᠷ ᠢ ᠪᠠᠶᠢᠴᠠᠭᠠᠬᠤ᠂ ᠪᠣᠬᠢᠷᠲᠤᠯ ᠤᠨ ᠡᠬᠢ ᠰᠤᠷᠪᠤᠯᠵᠢ ᠶᠢ ᠠᠳᠠᠯᠢᠳᠬᠠᠨ ᠵᠠᠳᠠᠯᠬᠤ | ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠭᠠᠳᠠᠭᠠᠳᠤ ᠠᠴᠠ ᠣᠷᠤᠭᠤᠯᠤᠭᠰᠠᠨ | ᠬᠠᠶᠠᠭᠳᠠᠮᠠᠯ ᠪᠣᠳᠠᠰ ᠲᠤ ᠬᠢᠨᠠᠯᠲᠠ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠭᠠᠳᠠᠭᠠᠳᠤ ᠶᠢᠨ | ᠬᠤᠭ ᠨᠣᠪᠰᠢ ᠬᠢᠯᠢ ᠳᠤ ᠣᠷᠣᠵᠤ ᠢᠷᠡᠬᠦ ᠶᠢ ᠬᠤᠷᠢᠭᠯᠠᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ | ᠪᠠᠭᠤᠯᠭᠠᠭᠰᠠᠨ ᠬᠠᠷᠠᠯᠲᠠᠲᠤ ᠡᠭᠦᠷᠭᠡ ᠶᠢᠨ ᠪᠡᠶᠡᠯᠡᠭᠳᠡᠯ ᠢ ᠦᠨᠡᠨ ᠬᠦ ᠪᠠᠲᠤᠯᠠᠨ᠎ᠠ᠃ | ᠭᠤᠷᠪᠠ᠂ ᠪᠦᠬᠦ ᠤᠯᠤᠰ ᠤᠨ ᠬᠤᠶᠠᠳᠠᠬᠢ ᠤᠳᠠᠭᠠᠨ ᠤ ᠪᠣᠬᠢᠷᠲᠤᠯ ᠤᠨ ᠡᠬᠢ ᠰᠣᠷᠪᠣᠯᠵᠢ ᠶᠢᠨ ᠨᠡᠶᠢᠳᠡᠮ | ᠪᠠᠶᠢᠴᠠᠭᠠᠯᠲᠠ ᠶᠢ ᠬᠢᠨᠠᠮᠠᠭᠠᠶ ᠪᠡᠶᠡᠯᠡᠭᠦᠯᠦᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ | ᠱᠠᠭᠠᠷᠳᠠᠯᠭ᠎ᠠ ᠶᠣᠰᠣᠭᠠᠷ᠂ ᠮᠠᠨᠵᠤᠤᠷ ᠬᠤᠲᠠ ᠶᠢᠨ ᠪᠣᠬᠢᠷᠲᠤᠯ ᠤᠨ ᠡᠬᠢ ᠰᠣᠷᠪᠤᠯᠵᠢ ᠶᠢ ᠨᠡᠶᠢᠳᠡᠮ ᠪᠠᠶᠢᠴᠠᠭᠠᠬᠤ | ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠪᠥᠬᠦ ᠬᠤᠲᠠ ᠶᠢᠨ ᠡᠯ᠎ᠡ ᠲᠦᠷᠦᠯ ᠤᠨ ᠪᠣᠬᠢᠷᠲᠤᠯ ᠤᠨ ᠡᠬᠢ | ᠰᠣᠷᠪᠤᠯᠵᠢ ᠶᠢᠨ ᠦᠨᠳᠦᠰᠦᠨ ᠪᠠᠶᠢᠳᠠᠯ ᠢ ᠲᠣᠳᠣᠷᠬᠠᠶ ᠣᠶᠢᠯᠠᠭᠠᠨ᠂ ᠭᠤᠣᠯᠳᠠᠯᠭ᠎ᠠ ᠲᠠᠢ ᠪᠣᠬᠢᠷᠲᠤᠯ ᠤᠨ ᠡᠬᠢ | ᠰᠣᠷᠪᠤᠯᠵᠢ ᠶᠢᠨ ᠲᠠᠩᠰᠠ ᠡᠪᠬᠡᠮᠡᠯ᠂ ᠪᠣᠬᠢᠷᠲᠤᠯ ᠤᠨ ᠡᠬᠢ ᠰᠣᠷᠪᠤᠯᠵᠢ ᠶᠢᠨ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ | ᠪᠣᠯᠤᠨ ᠣᠷᠴᠢᠨ ᠲᠣᠭᠤᠷᠢᠨ ᠤ ᠲᠤᠭ᠎ᠠ ᠪᠦᠷᠢᠳᠬᠡᠯ ᠤᠨ ᠲᠠᠪᠴᠠᠩ ᠢ ᠪᠠᠶᠢᠭᠤᠯᠤᠨ ᠪᠦᠷᠢᠨᠰᠢᠭᠦᠯᠵᠦ᠂ ᠪᠣᠬᠢᠷᠲᠤᠯ ᠤᠨ | ᠡᠬᠢ ᠰᠤᠷᠪᠤᠯᠵᠢ ᠶᠢ ᠬᠢᠨᠠᠨ ᠬᠠᠮᠢᠶᠠᠷᠬᠤ᠂ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ᠂ ᠣᠷᠴᠢᠨ | ᠲᠣᠭᠤᠷᠢᠨ ᠤ ᠲᠦᠭᠰᠢᠭᠦᠷᠢ ᠶᠢ ᠰᠡᠷᠭᠡᠶᠢᠯᠡᠨ ᠬᠢᠵᠠᠭᠠᠷᠯᠠᠬᠤ ᠪᠠ ᠣᠷᠴᠢᠨ ᠠᠬᠤᠢ ᠶᠢᠨ ᠶᠡᠷᠦᠩᠬᠡᠶᠢᠯᠡᠭᠰᠡᠨ | ᠰᠢᠢᠳᠪᠦᠷᠢᠲᠦ ᠪᠣᠳᠣᠯᠭ᠎ᠠ ᠳᠤ ᠦᠢᠯᠡᠴᠢᠯᠡᠬᠦ ᠡᠰᠢ ᠪᠠᠷᠢᠮᠲᠠ ᠣᠯᠭᠤᠨ᠎ᠠ᠃ |