ᠬᠥᠬᠡᠬᠤᠲᠠ ᠶᠢᠨ ᠴᠢᠳᠠᠪᠤᠷᠢᠲᠠᠨ ᠤ ᠦᠢᠯᠡᠴᠢᠯᠡᠭᠡᠨ ᠤ ᠲᠥᠪ ᠤᠨ ᠭᠤᠣᠯᠯᠠᠨ ᠡᠷᠬᠢᠯᠡᠬᠦ 2018 ᠣᠨ ᠤ | ᠬᠥᠬᠡᠬᠤᠲᠠ ᠶᠢᠨ ᠬᠠᠪᠤᠷ ᠤᠨ ᠤᠯᠠᠷᠢᠯ ᠤᠨ ᠴᠢᠳᠠᠪᠤᠷᠢᠲᠠᠨ ᠤᠷᠢᠵᠤ ᠡᠯᠰᠡᠬᠦ ᠦᠪᠡᠳᠡᠭᠰᠢ ᠴᠤᠭᠯᠠᠭᠠᠨ 3 ᠳ᠋ᠤᠭᠠᠷ | ᠰᠠᠷ᠎ᠠ ᠶᠢᠨ 3 ᠤ ᠡᠳᠦᠷ᠂ 4 ᠤ ᠡᠳᠦᠷ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ | ᠲᠥᠪ ᠲᠤ ᠶᠠᠪᠤᠭᠳᠠᠨ᠎ᠠ᠃ ᠲᠤᠰ ᠤᠳᠠᠭᠠᠨ ᠤ ᠤᠷᠢᠨ ᠡᠯᠰᠡᠬᠦ ᠴᠤᠭᠯᠠᠭᠠᠨ ᠨᠢ ᠶᠡᠷᠦᠩᠬᠡᠶᠢᠯᠡᠭᠰᠡᠨ ᠴᠢᠨᠠᠷᠲᠠᠶ ᠤᠷᠢᠨ | ᠡᠯᠰᠡᠬᠦ ᠦᠪᠡᠳᠡᠭᠰᠢ ᠴᠤᠭᠯᠠᠭᠠᠨ ᠪᠣᠯᠣᠨ᠎ᠠ᠂ 620 ᠦᠵᠡᠭᠦᠯᠦᠯᠭᠡ ᠶᠢᠨ ᠪᠠᠶᠢᠷᠢ ᠲᠣᠬᠢᠷᠠᠭᠤᠯᠵᠤ ᠂ ᠳᠡᠭᠡᠳᠦ ᠰᠢᠨ᠎ᠡ | ᠮᠡᠷᠭᠡᠵᠢᠯ᠂ ᠡᠯᠧᠺᠲᠷᠣᠨ ᠬᠤᠳᠠᠯᠳᠤᠭ᠎ᠠ᠂ ᠠᠳᠠᠯ ᠠᠬᠤᠶ᠂ ᠭᠡᠷ ᠤᠨ ᠶᠠᠪᠤᠳᠠᠯ᠂ ᠬᠥᠳᠡᠯᠮᠦᠷᠢ ᠦᠢᠯᠡᠴᠢᠯᠡᠭᠡ᠂ | ᠡᠨᠧᠷᠭᠢ᠂ ᠬᠢᠮᠢ ᠶᠢᠨ ᠠᠵᠤ ᠦᠢᠯᠡᠳᠪᠦᠷᠢ᠂ ᠴᠠᠬᠢᠯᠭᠠᠨ ᠬᠦᠴᠦ᠂ ᠲᠠᠷᠢᠶᠠᠯᠠᠩ ᠮᠠᠯ ᠠᠵᠤ ᠠᠬᠤᠶ᠂ ᠭᠡᠷ ᠭᠠᠵᠠᠷ | ᠬᠦᠷᠦᠩᠭᠡ᠂ ᠰᠣᠶᠣᠯ ᠤᠨ ᠵᠠᠭᠤᠴᠢ᠂ ᠰᠤᠷᠭᠠᠨ ᠬᠥᠮᠥᠵᠢᠯ᠂ ᠪᠣᠯᠪᠠᠰᠤᠷᠠᠭᠤᠯᠤᠯ᠂ ᠡᠯᠧᠺᠲᠷᠣᠨ ᠴᠢᠮᠡᠭᠡ | ᠬᠤᠯᠪᠣᠭ᠎ᠠ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠣᠯᠠᠨ ᠠᠵᠢᠯ ᠲᠦᠷᠦᠯ ᠳᠤ | ᠬᠤᠯᠪᠣᠭᠳᠠᠭᠰᠠᠨ 4000 ᠭᠠᠷᠤᠶ ᠠᠵᠢᠯ ᠤᠨ ᠪᠠᠶᠢᠷᠢ ᠬᠠᠩᠭᠠᠵᠤ᠂ ᠲᠣᠬᠠᠢ ᠶᠢᠨ ᠦᠶ᠎ᠡ ᠳᠤ ᠪᠠᠷᠤᠭ ᠬᠤᠶᠠᠷ | ᠲᠦᠮᠡ ᠠᠵᠢᠯ ᠡᠷᠢᠭᠴᠢᠳ ᠲᠤᠬᠠᠶ ᠶᠢᠨ ᠭᠠᠵᠠᠷ ᠲᠤ ᠵᠥᠪᠯᠡᠯᠭᠡ ᠠᠪᠬᠤ᠂ ᠠᠵᠢᠯ ᠡᠷᠢᠬᠦ ᠪᠠᠷ ᠵᠢᠱᠢᠵᠦ ᠪᠤᠢ᠃ | ᠲᠤᠰ ᠤᠳᠠᠭᠠᠨ ᠤ ᠡᠯᠰᠡᠯᠲᠡ ᠶᠢᠨ ᠴᠤᠭᠯᠠᠭᠠᠨ ᠤ ᠪᠤᠢ ᠪᠦᠬᠦᠢ ᠠᠵᠤ ᠠᠬᠤᠶᠢᠯᠠᠯ ᠤᠨ ᠮᠡᠳᠡᠭᠡ ᠵᠠᠩᠭᠢ ᠵᠢᠴᠢ ᠤᠷᠢᠨ | ᠡᠯᠰᠡᠬᠦ ᠠᠵᠢᠯ ᠤᠨ ᠪᠠᠶᠢᠷᠢ ᠶᠢᠨ ᠪᠠᠶᠢᠷᠢᠯᠠᠭᠤᠯᠤᠯᠲᠠ ᠶᠢ ᠴᠦᠮ ᠸᠢᠴᠡᠲ ᠤᠨ ᠣᠯᠠᠨ ᠨᠡᠶᠢᠲᠡ ᠶᠢᠨ ᠲᠠᠪᠴᠠᠩ ︵ | nmgtyrL2009︶ ᠳᠡᠭᠡᠷ᠎ᠡ ᠠᠳᠠᠯᠢ ᠠᠯᠬᠤᠮ ᠢᠶᠠᠷ ᠨᠡᠶᠢᠲᠡᠯᠡᠵᠦ᠂ ᠤᠷᠢᠵᠤ ᠡᠯᠰᠡᠬᠦ ᠮᠡᠳᠡᠭᠡ ᠵᠠᠩᠭᠢ ᠶᠢ | ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠠᠳᠠᠯᠢ ᠪᠠᠶᠢᠯᠭᠠᠵᠤ᠂ ᠲᠤᠰ ᠭᠠᠵᠠᠷ ᠤᠨ ᠠᠵᠢᠯᠲᠠᠨ ᠤᠷᠢᠵᠤ | ᠡᠯᠰᠡᠬᠦ ᠠᠵᠢᠯᠯᠠᠭ᠎ᠠ ᠶᠢ ᠢᠨᠲ᠋ᠧᠷ ᠰᠦᠯᠵᠢᠶ᠎ᠡ + ᠴᠠᠭ ᠦᠶ᠎ᠡ ᠳᠤ ᠠᠯᠬᠤᠮ ᠠᠯᠬᠤᠮ ᠢᠶᠠᠷ ᠳᠠᠭᠠᠭᠤᠯᠵᠤ | ᠣᠷᠣᠭᠤᠯᠤᠨ᠎ᠠ᠃ |