ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠭᠠᠵᠡᠷ ᠰᠢᠷᠦᠢ ᠶᠢᠨ ᠴᠡᠭᠴᠡᠯᠡᠨ ᠵᠠᠰᠠᠬᠤ  ᠳᠥᠯᠥᠪᠵᠢᠬᠦᠯᠬᠡ ︵2016 — 2020 ᠣᠨ︶ ᠶᠢᠨ ᠲᠣᠬᠠᠢ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠤ ᠴᠣᠬᠤᠯᠠᠪᠦᠷᠢ
ᠨᠡᠶᠢᠲᠡᠯᠡᠭᠰᠡᠨ ᠴᠠᠭ᠄
2018/2/6
                          ᠥᠪᠥᠷ ᠵᠠᠰᠠᠭ ᠥᠰᠥᠭ ﹇2017﹈ 205 ᠳ᠋ᠤᠭᠠᠷ ᠲᠤᠭᠠᠳᠤ                                       8 ᠳ᠋ᠣᠭᠠᠷ ᠰᠡᠷ᠎ᠠ ᠶᠢᠨ 15 ᠤ ᠡᠳᠣᠷᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ᠂ ᠦᠪᠡᠷᠳᠡᠭᠡᠨ ᠵᠠᠰᠠᠬᠤ ᠣᠷᠣᠨ ᠤ ᠣᠯᠥᠰ ᠤᠨ ᠭᠠᠵᠡᠷ ᠰᠢᠷᠦᠢ ᠡᠬᠢ ᠪᠠᠶᠠᠯᠢᠭ ᠤᠨ ᠳᠢᠩᠬᠢᠮ᠂ ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ᠂ ᠡᠳ᠋ ᠤᠨ ᠵᠠᠰᠠᠭ ᠤᠨ ᠳᠢᠩᠬᠢᠮ᠂ ᠣᠷᠴᠢᠨ ᠲᠤᠭᠤᠷᠢᠨ ᠤ ᠬᠠᠮᠠᠭᠠᠯᠠᠯᠳᠡ ᠶᠢᠨ ᠳᠢᠩᠬᠢᠮ᠂ ᠣᠷᠣᠨ ᠰᠠᠭᠤᠴᠠ ᠪᠠ ᠬᠤᠳᠡ ᠬᠦᠳᠡᠭᠡ ᠶᠢᠨ ᠪᠦᠳᠦᠭᠡᠨ ᠪᠠᠶᠢᠭᠤᠯᠥᠯᠳᠡ ᠶᠢᠨ ᠳᠢᠩᠬᠢᠮ᠂ ᠣᠰᠣᠨ ᠠᠰᠢᠠᠠᠯᠠᠯᠳᠡ ᠶᠢᠨ ᠳᠢᠩᠬᠢᠮ᠂ ᠳᠡᠷᠢᠶᠡᠯᠡᠩ ᠮᠠᠯ ᠠᠵᠦ ᠠᠬᠤᠢ ᠶᠢᠨ ᠳᠢᠩᠬᠢᠮ᠂ ᠣᠢ ᠰᠢᠭᠤᠢ ᠶᠢᠨ ᠳᠢᠩᠬᠢᠮ ᠳᠤ᠄      ᠦᠪᠡᠷᠳᠡᠭᠡᠨ ᠵᠠᠰᠠᠬᠤ ᠤᠷᠤᠨ ᠤ ᠣᠯᠥᠰ ᠤᠨ ᠭᠠᠵᠡᠷ ᠰᠢᠷᠦᠢ ᠡᠬᠢ ᠪᠠᠶᠠᠯᠢᠭ ᠤᠨ ᠳᠢᠩᠬᠢᠮ᠂ ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ ᠤᠨ ︽︿ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠭᠠᠵᠡᠷ ᠰᠢᠷᠦᠢ ᠶᠢᠨ ᠴᠡᠭᠴᠡᠯᠡᠨ ᠵᠠᠰᠠᠬᠤ ᠳᠥᠯᠥᠪᠵᠢᠬᠦᠯᠬᠡ ︵2016 — 2020 ᠣᠨ︶ ᠶᠢ ᠴᠣᠬᠤᠯᠠᠪᠦᠷᠢᠯᠡᠭᠤᠯᠬᠤ ᠪᠠᠷ ᠵᠢᠭᠠᠪᠦᠷᠢ ᠠᠪᠬᠤ ᠲᠣᠬᠠᠢ ᠮᠡᠳᠡᠭᠦᠯᠦᠯᠲᠡ︾ ︵ᠦᠪᠤᠷ ᠣᠯᠥᠰ ᠭᠠᠵᠡᠷ ᠡᠬᠢ ᠲᠠᠷᠬᠠᠭᠠᠠᠠᠰᠠᠨ ﹇2017﹈ 138 ᠳ᠋ᠣᠭᠠᠷ ᠲᠣᠭᠠᠳᠣ︶ ᠶᠢ ᠬᠤᠷᠢᠶᠠᠮᠵᠢᠯᠠᠵᠦ ᠠᠭᠤᠯᠭ᠎ᠠ ᠶᠢ ᠣᠶᠢᠯᠠᠭᠠᠪᠠ᠃ ᠡᠳᠦᠭᠡ ᠲᠣᠣᠷᠡᠬᠢ ᠮᠡᠳᠣ ᠴᠣᠬᠤᠯᠠᠪᠦᠷᠢᠯᠡᠪᠡ᠄      ᠨᠢᠭᠡ᠂ ︽ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠭᠠᠵᠡᠷ ᠰᠢᠷᠦᠢ ᠶᠢᠨ ᠴᠡᠭᠴᠡᠯᠡᠨ ᠵᠠᠰᠠᠬᠤ ᠳᠥᠯᠥᠪᠵᠢᠬᠦᠯᠬᠡ ︵2016 — 2020 ᠣᠨ︶︾ ︵ᠲᠣᠷᠣᠠᠠᠰᠢ ︽ᠳᠥᠯᠥᠪᠵᠢᠬᠦᠯᠬᠡ︾ ᠭᠡᠵᠦ ᠲᠤᠪᠴᠢᠯᠠᠨ᠎ᠠ︶ ᠶᠢ ᠵᠠᠷᠴᠢᠮ ᠳᠡᠭᠡᠷ᠎ᠠ ᠪᠠᠨ ᠵᠦᠪᠰᠢᠶᠡᠷᠡᠪᠡ᠂ ᠦᠪᠡᠷᠳᠡᠭᠡᠨ ᠵᠠᠰᠠᠬᠤ ᠣᠷᠣᠨ ᠤ ᠣᠯᠥᠰ ᠤᠨ ᠭᠠᠵᠡᠷ ᠰᠢᠷᠦᠢ ᠡᠬᠢ ᠪᠠᠶᠠᠯᠢᠭ ᠤᠨ ᠳᠢᠩᠬᠢᠮ᠂ ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ ᠠᠴᠠ ᠨᠡᠶᠢᠳᠡᠯᠡᠨ ᠭᠡᠷᠡᠭᠵᠢᠬᠦᠯᠦᠨ᠎ᠡ᠃      ᠬᠤᠶᠡᠷ᠂ ︽ᠳᠥᠯᠥᠪᠵᠢᠬᠦᠯᠬᠡ︾ ᠶᠢ ᠭᠡᠷᠡᠭᠵᠢᠬᠦᠯᠬᠦ ᠳᠡᠭᠡᠨ ᠨᠠᠮ ᠤᠨ ᠠᠷᠪᠡᠨ ᠨᠠᠢᠮᠠᠳᠤᠭᠠᠷ ᠶᠡᠭᠡ ᠬᠤᠷᠡᠯ ᠪᠤᠯᠥᠨ ᠠᠷᠪᠡᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠣᠭᠠᠷ᠂ ᠳᠥᠷᠪᠡᠳᠣᠭᠡᠷ᠂ ᠲᠠᠪᠤᠳᠣᠭᠠᠷ᠂ ᠵᠢᠷᠭᠤᠳᠣᠭᠠᠷ ᠪᠦᠬᠦᠲᠡ ᠬᠤᠷᠡᠯ ᠤᠨ ᠵᠣᠷᠢᠭ ᠰᠠᠨᠠᠭ᠎ᠠ ᠶᠢ ᠪᠦᠬᠦ ᠳᠡᠯ᠎ᠠ ᠪᠠᠷ ᠲᠣᠣᠱᠯᠠᠭᠤᠯᠥᠨ ᠨᠡᠶᠢᠳᠡᠪᠦᠷᠢᠵᠢᠭᠤᠯᠵᠦ᠂ ᠶᠡᠷᠦᠩᠬᠡᠢ ᠱᠦᠵᠢ ᠰᠢ ᠶᠢᠨ ᠫᠢᠡᠭ ᠤᠨ ᠠᠯᠢ ᠣᠯᠡᠨ ᠴᠢᠬᠤᠯᠡ ᠶᠡᠷᠢᠶ᠎ᠠ ᠶᠢᠨ ᠵᠣᠷᠢᠭ ᠰᠠᠨᠠᠭ᠎ᠠ ᠪᠠ ᠳᠥᠷᠥ ᠶᠢ ᠵᠠᠰᠠᠵᠦ ᠵᠠᠰᠠᠭ ᠢ ᠡᠷᠬᠢᠯᠡᠬᠦ ᠰᠢᠨ᠎ᠡ ᠣᠨᠣᠯᠵᠢᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠣᠬᠤ ᠪᠤᠳᠣᠯᠭ᠎ᠠ ᠶᠢ ᠬᠦᠨᠵᠡᠭᠡᠢ ᠲᠣᠣᠱᠯᠠᠭᠤᠯᠥᠨ᠂ ᠶᠡᠷᠦᠩᠬᠡᠢ ᠱᠦᠵᠢ ᠰᠢ ᠶᠢᠨ ᠫᠢᠡᠭ ᠤᠨ ᠦᠪᠤᠷ ᠮᠣᠩᠭᠤᠯ ᠢ ᠰᠢᠨᠵᠢᠯᠡᠨ ᠪᠠᠶᠢᠴᠠᠭᠠᠬᠤ ᠳᠠᠭᠠᠨ ᠶᠠᠷᠢᠠᠠᠰᠠᠨ ᠴᠢᠬᠤᠯᠡ ᠶᠡᠷᠢᠶ᠎ᠠ ᠶᠢᠨ ᠵᠣᠷᠢᠭ ᠰᠠᠨᠠᠭ᠎ᠠ ᠶᠢ ᠪᠦᠬᠦ ᠳᠡᠯ᠎ᠠ ᠪᠠᠷ ᠨᠡᠶᠢᠳᠡᠪᠦᠷᠢᠵᠢᠭᠤᠯᠵᠦ᠂ ︽ᠲᠠᠪᠤ ᠶᠢ ᠨᠢᠭᠡ ᠴᠣᠠᠠᠴᠠᠵᠢᠭᠤᠯᠬᠤ︾ ᠶᠡᠷᠦᠩᠬᠡᠢ ᠪᠠᠶᠢᠷᠢᠯᠠᠭᠤᠯᠥᠯᠳᠡ ᠪᠠ ︽ᠳᠥᠷᠪᠡᠨ ᠪᠦᠬᠦ ᠳᠡᠯ᠎ᠠ︾ ᠶᠢᠨ ᠪᠠᠶᠢᠯᠳᠣᠬᠤ ᠪᠤᠳᠣᠯᠭ᠎ᠠ ᠶᠢᠨ ᠪᠠᠶᠢᠷᠢᠯᠡᠭᠤᠯᠥᠯᠳᠡ ᠶᠢ ᠵᠣᠬᠢᠴᠠᠩᠭᠤᠢ ᠪᠠᠷ ᠠᠬᠢᠭᠤᠯᠥᠨ᠂ ᠰᠢᠨ᠎ᠡ ᠶᠢ ᠡᠬᠦᠳᠬᠦ᠂ ᠵᠣᠬᠢᠴᠠᠩᠭᠤᠢ᠂ ᠪᠣᠬᠢᠷᠳᠦᠯ ᠦᠭᠡᠢ᠂ ᠨᠡᠭᠡᠭᠡᠯᠳᠡᠳᠦ᠂ ᠬᠠᠮᠳᠣᠪᠡᠷ ᠬᠦᠷᠲᠡᠬᠦ ᠲᠠᠪᠤᠨ ᠶᠡᠭᠡ ᠬᠦᠭᠵᠢᠯᠳᠡ ᠶᠢᠨ ᠣᠨᠣᠯᠵᠢᠬᠤᠨ ᠢ ᠪᠠᠳᠥ ᠪᠠᠬᠢ ᠪᠣᠢ ᠪᠤᠯᠭᠠᠵᠦ᠂ ᠲᠠᠷᠢᠶᠡᠨ ᠭᠠᠵᠡᠷ ᠤᠨ ᠣᠯᠠᠭᠠᠨ ᠱᠣᠭᠤᠮ ᠢ ᠪᠠᠳᠥ ᠰᠠᠬᠢᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠮᠤ ᠪᠣᠳᠠᠭᠠᠨ ᠤ ᠤᠨᠠᠯᠲᠠ ᠪᠠ ᠶᠠᠰᠤ ᠴᠢᠨᠠᠷ ᠢ ᠨᠡᠮᠡᠭᠳᠡᠭᠦᠯᠬᠦ ᠪᠠᠶᠢᠯᠳᠣᠬᠤ ᠪᠤᠳᠣᠯᠭ᠎ᠠ ᠶᠢ ᠭᠡᠷᠡᠭᠵᠢᠬᠦᠯᠦᠨ᠂ ᠠᠮᠥ ᠪᠤᠳᠠᠭ᠎ᠠ ᠶᠢᠨ ᠦᠢᠯᠡᠳᠪᠦᠷᠢᠯᠡᠯ ᠤᠨ ᠴᠢᠳᠡᠪᠦᠷᠢ ᠶᠢ ᠳᠡᠭᠡᠭᠰᠢᠯᠡᠬᠦᠯᠦᠨ᠂ ᠣᠯᠥᠰ ᠤᠨ ᠠᠮᠥ ᠪᠤᠳᠠᠭ᠎ᠠ ᠶᠢᠨ ᠠᠮᠥᠷ ᠳᠥᠪᠰᠢᠨ ᠢ ᠪᠠᠳᠣᠯᠠᠬᠤ᠂ ᠳᠡᠷᠢᠶᠡᠯᠡᠩ ᠤᠨ ᠦᠷᠬᠦᠯᠵᠢᠯᠡᠨ ᠬᠦᠭᠵᠢᠬᠦ ᠪᠠ ᠳᠡᠷᠢᠶᠡᠴᠢᠳ ᠤᠨ ᠣᠷᠣᠯᠭ᠎ᠠ ᠪᠠᠨ ᠦᠷᠬᠦᠯᠵᠢᠯᠡᠨ ᠨᠡᠮᠡᠭᠳᠡᠬᠦᠯᠬᠦ ᠶᠢ ᠠᠬᠢᠭᠤᠯᠬᠤ ᠪᠠᠶᠢᠭᠤᠯᠥᠯ ᠲᠣᠠᠠᠳᠡᠴᠠ ᠶᠢ ᠪᠦᠷᠢᠨᠰᠢᠬᠦᠯᠵᠦ᠂ ᠬᠠᠮᠤᠭ ᠤᠨ ᠴᠢᠩᠭ᠎ᠠ ᠳᠠᠷᠢᠶᠡᠨ ᠭᠠᠵᠡᠷ ᠢ ᠬᠠᠮᠠᠭᠠᠯᠠᠬᠤ ᠳᠥᠷᠢᠮ ᠪᠠ ᠭᠠᠵᠡᠷ ᠰᠢᠷᠦᠢ ᠶᠢ ᠠᠷᠪᠢᠯᠡᠨ ᠡᠷᠴᠢᠮᠵᠢᠬᠦᠯᠥᠨ ᠭᠡᠷᠡᠭᠯᠡᠬᠦ ᠳᠥᠷᠢᠮ ᠢ ᠨᠡᠶᠢᠳᠡᠪᠦᠷᠢᠵᠢᠭᠤᠯᠬᠤ ᠶᠢᠨ ᠲᠤᠭᠤᠷᠢᠨ ᠳᠤ᠂ ᠦᠨᠳᠣᠷ ᠪᠡᠷᠢᠮᠵᠢᠶᠡᠳᠦ ᠳᠡᠷᠢᠶᠡᠨ ᠭᠠᠵᠡᠷ ᠤᠨ ᠪᠦᠳᠦᠭᠡᠨ ᠪᠠᠶᠢᠭᠤᠯᠥᠯᠳᠡ ᠶᠢ ᠶᠡᠭᠡᠪᠡᠷ ᠠᠬᠢᠭᠤᠯᠥᠨ᠂ ᠣᠰᠣᠨ ᠤ ᠡᠬᠢ ᠪᠠᠶᠠᠯᠢᠭ ᠢ ᠪᠠᠳᠣᠯᠬᠠᠤ ᠪᠠ ᠠᠮᠢ ᠠᠬᠤᠢ ᠶᠢᠨ ᠣᠷᠴᠢᠨ ᠲᠤᠭᠤᠷᠢᠨ ᠤ ᠬᠠᠮᠠᠭᠠᠯᠠᠯᠳᠡ ᠶᠢᠨ ᠰᠢᠰᠲ᠋ᠧᠮᠵᠢ ᠶᠢᠨ ᠪᠠᠶᠢᠭᠤᠯᠥᠯᠳᠡ ᠶᠢ ᠴᠢᠩᠭᠠᠷᠡᠭᠤᠯᠵᠦ᠂ ᠣᠰᠦ ᠪᠠᠷ ᠭᠠᠵᠡᠷ ᠰᠢᠷᠦᠢ ᠶᠢ ᠲᠣᠠᠠᠳᠠᠭᠠᠬᠤ ᠰᠢᠨ᠎ᠡ ᠰᠡᠳᠬᠢᠮᠵᠢ ᠶᠣᠰᠣᠭᠠᠷ᠂ ᠠᠮᠢ ᠠᠬᠤᠢ ᠶᠢᠨ ᠳᠠᠭᠠᠭᠠᠴᠠ ᠶᠢᠨ ᠰᠢᠨ᠎ᠡ ᠣᠨᠣᠯᠵᠢᠬᠤᠨ ᠢ ᠬᠠᠷᠡᠭᠤᠯᠵᠦ᠂ ᠠᠮᠢ ᠠᠬᠤᠢ ᠶᠢᠨ ᠣᠯᠠᠭᠠᠨ ᠱᠣᠭᠤᠮ ᠢ ᠴᠢᠩᠭ᠎ᠠ ᠰᠠᠬᠢᠬᠤ ᠭᠡᠷᠡᠭᠳᠡᠢ᠃ ᠡᠬᠦᠨ ᠤ ᠬᠠᠮᠳᠣ᠂ ᠬᠠᠭᠤᠷᠡᠢ ᠳᠡᠷᠢᠶᠡᠨ ᠭᠠᠵᠡᠷ ᠢ ᠴᠡᠭᠴᠡᠯᠡᠨ ᠵᠠᠰᠠᠬᠤ ᠶᠢ ᠠᠬᠢᠭᠤᠯᠵᠦ᠂ ᠭᠠᠵᠡᠷ ᠰᠢᠷᠦᠢ ᠶᠢᠨ ᠴᠡᠭᠴᠡᠯᠡᠨ ᠵᠠᠰᠠᠬᠤ ᠰᠢᠨ᠎ᠡ ᠵᠬᠠᠪᠤᠷ ᠢ ᠰᠦᠪᠡᠭᠴᠢᠯᠡᠬᠦ ᠭᠡᠷᠡᠭᠳᠡᠢ︔ ᠰᠢᠨ᠎ᠡ ᠬᠦᠳᠡᠭᠡ ᠲᠣᠰᠬᠤᠨ ᠤ ᠪᠦᠳᠦᠭᠡᠨ ᠪᠠᠶᠢᠭᠤᠯᠥᠯᠳᠡ ᠪᠠ ᠰᠢᠨ᠎ᠡ ᠭᠡᠯᠪᠡᠷᠢ ᠶᠢᠨ ᠬᠤᠳᠡ ᠪᠠᠯᠭᠠᠰᠣᠵᠢᠯᠳᠡ ᠶᠢᠨ ᠬᠦᠭᠵᠢᠯᠳᠡ ᠶᠢ ᠠᠬᠢᠭᠤᠯᠬᠤ ᠪᠠᠷ ᠣᠳᠣᠷᠢᠳᠣᠮᠵᠢ ᠪᠤᠯᠭᠠᠵᠦ᠂ ᠦᠪᠡᠷᠳᠡᠭᠡᠨ ᠵᠠᠰᠠᠬᠤ ᠣᠷᠣᠨ ᠤ ︽ᠶᠠᠳᠠᠭᠤ ᠶᠢ ᠳᠡᠳᠬᠦᠨ ᠪᠤᠭᠤᠮᠳᠡ ᠰᠢᠪᠳᠣᠯᠬᠤ︾ ᠪᠠ ︽ᠲᠦᠢᠯ ᠤᠨ ᠣᠨᠣᠪᠴᠢᠳᠡᠢ ᠪᠠᠷ ᠶᠠᠳᠠᠭᠤ ᠶᠢ ᠳᠡᠳᠬᠦᠬᠦ︾ ᠢᠨᠵᠧᠨᠧᠷᠢᠩ ᠲᠠᠢ ᠣᠶᠠᠯᠳᠣᠭᠤᠯᠥᠨ᠂ ᠬᠤᠳᠡ ᠬᠦᠳᠡᠭᠡ ᠶᠢᠨ ᠲᠠᠷᠡᠬᠠᠢ ᠪᠤᠳᠠᠷᠬᠠᠢ ᠡᠷᠦᠢ ᠬᠤᠷᠦᠢ ᠦᠭᠡᠢ᠂ ᠰᠣᠯᠡ ᠬᠠᠶᠠᠭᠳᠠᠵᠤ ᠪᠠᠶᠢᠭ᠎ᠠ ᠦᠷ᠎ᠠ ᠠᠰᠢᠭ ᠲᠣᠣᠷ᠎ᠠ ᠪᠦᠳᠦᠭᠡᠨ ᠪᠠᠶᠢᠭᠤᠯᠥᠯᠳᠡ ᠳᠤ ᠭᠡᠷᠡᠭᠯᠡᠬᠦ ᠭᠠᠵᠡᠷ ᠰᠢᠷᠦᠢ ᠶᠢ ᠴᠡᠭᠴᠡᠯᠡᠨ ᠵᠠᠰᠠᠬᠤ ᠶᠢ ᠪᠦᠬᠦ ᠳᠡᠯ᠎ᠠ ᠪᠠᠷ ᠠᠬᠢᠭᠤᠯᠬᠤ ᠭᠡᠷᠡᠭᠳᠡᠢ︔ ᠠᠮᠢ ᠠᠬᠤᠢ ᠶᠢᠨ ᠣᠷᠴᠢᠨ ᠲᠤᠭᠤᠷᠢᠨ ᠢ ᠰᠠᠶᠢᠵᠢᠷᠡᠭᠤᠯᠬᠤ ᠪᠠᠷ ᠦᠨᠳᠣᠰᠥᠨ ᠱᠠᠭᠠᠷᠳᠡᠯᠭ᠎ᠠ ᠪᠤᠯᠭᠠᠵᠦ᠂ ᠬᠠᠶᠠᠭᠳᠠᠭᠰᠠᠨ᠂ ᠳᠡᠴᠢᠷᠳ᠋ᠬᠠᠰᠠᠨ᠂ ᠪᠣᠬᠢᠷᠳᠤᠭᠰᠠ᠂ ᠡᠪᠳᠡᠭᠳᠡᠭᠰᠡᠨ ᠳᠡᠷᠢᠶᠡᠨ ᠭᠠᠵᠡᠷ ᠢ ᠰᠠᠶᠢᠵᠢᠷᠡᠭᠤᠯᠬᠤ ᠶᠢ ᠴᠢᠩᠭᠠᠷᠡᠭᠤᠯᠥᠨ᠂ ᠭᠠᠵᠡᠷ ᠰᠢᠷᠦᠢ ᠶᠢᠨ ᠡᠬᠢ ᠪᠠᠶᠠᠯᠢᠭ ᠢ ᠠᠰᠢᠠᠠᠯᠠᠬᠤ ᠦᠷ᠎ᠠ ᠪᠦᠳᠦᠮᠵᠢ ᠶᠢ ᠣᠯᠡᠮ ᠨᠢᠭᠡ ᠠᠯᠬᠤᠮ ᠳᠡᠭᠡᠭᠰᠢᠯᠡᠬᠦᠯᠬᠦ ᠭᠡᠷᠡᠭᠳᠡᠢ᠃      ᠭᠤᠷᠪᠡ᠂ ︽ᠳᠥᠯᠥᠪᠵᠢᠬᠦᠯᠬᠡ︾ ᠶᠢ ᠭᠡᠷᠡᠭᠵᠢᠬᠦᠯᠬᠦ ᠪᠠᠷ ᠳᠡᠮᠵᠢᠭᠤᠯᠥᠨ᠂ ︽13 · 5︾ ᠶᠢᠨ ᠬᠤᠭᠤᠴᠠᠭᠠᠨ ᠳᠤ 2577 ᠳᠥᠮᠡᠨ ᠮᠦ ᠪᠠᠶᠢᠭᠤᠯᠬᠤ ᠶᠢ ᠦᠨᠡᠨᠬᠦ ᠪᠠᠳᠣᠯᠠᠵᠦ᠂ 3997 ᠳᠥᠮᠡᠨ ᠮᠦ ᠶᠢᠨ ᠦᠨᠳᠣᠷ ᠪᠠᠷᠢᠮᠵᠢᠶᠡᠳᠦ ᠳᠡᠷᠢᠶᠡᠨ ᠭᠠᠵᠡᠷ ᠢ ᠪᠠᠶᠢᠭᠤᠯᠬᠤ ᠪᠠᠷ ᠴᠢᠷᠮᠡᠶᠢᠵᠦ ︵ᠭᠠᠵᠡᠷ ᠰᠢᠷᠦᠢ ᠶᠢ ᠴᠡᠭᠴᠡᠯᠡᠨ ᠵᠠᠰᠠᠬᠤ ᠪᠠᠷ ᠳᠡᠮᠵᠢᠭᠤᠯᠥᠨ 1400 — 2000 ᠳᠥᠮᠡᠨ ᠮᠦ ᠶᠢᠨ ᠦᠨᠳᠣᠷ ᠪᠡᠷᠢᠮᠵᠢᠶᠡᠳᠦ ᠳᠡᠷᠢᠶᠡᠨ ᠭᠠᠵᠡᠷ ᠤᠨ ᠪᠦᠳᠦᠭᠡᠨ ᠪᠠᠶᠢᠭᠤᠯᠥᠯᠳᠡ ᠶᠢ ᠪᠠᠶᠠᠯᠠᠬᠦᠯᠥᠨ᠎ᠠ︶᠂ ᠭᠠᠵᠡᠷ ᠰᠢᠷᠦᠢ ᠶᠢ ᠴᠡᠭᠴᠡᠯᠡᠨ ᠵᠠᠰᠠᠬᠤ ᠪᠠᠷ ᠳᠡᠮᠵᠢᠭᠤᠯᠥᠨ 45 ᠳᠥᠮᠡᠨ ᠮᠦ ᠳᠡᠷᠢᠶᠡᠨ ᠭᠠᠵᠡᠷ ᠢ ᠨᠦᠬᠦᠪᠦᠷᠢᠯᠡᠵᠦ᠂ ᠴᠡᠭᠴᠡᠯᠡᠨ ᠵᠠᠰᠠᠬᠤ ᠪᠠᠷ ᠳᠡᠮᠵᠢᠠᠠᠰᠠᠨ ᠦᠨᠳᠣᠰᠣᠡ ᠳᠡᠷᠢᠶᠡᠨ ᠭᠠᠵᠡᠷ ᠤᠨ ᠶᠠᠰᠣ ᠴᠢᠨᠡᠷ ᠢ ᠲᠤᠮᠳᠠᠴᠢ ᠪᠠᠷ 1 ᠳᠡᠰ ᠳᠡᠭᠡᠭᠰᠢᠯᠡᠬᠦᠯᠬᠦ ᠭᠡᠷᠡᠭᠳᠡᠢ︔ ᠭᠠᠵᠡᠷ ᠰᠢᠷᠦᠢ ᠶᠢ ᠳᠡᠬᠢᠨ ᠬᠠᠭᠠᠯᠪᠦᠷᠢᠯᠡᠬᠤ ᠶᠢ ᠪᠦᠬᠦ ᠳᠡᠯ᠎ᠠ ᠪᠠᠷ ᠠᠬᠢᠭᠤᠯᠵᠦ᠂ ᠳᠡᠥᠭᠡᠨ ᠠᠴᠠ ᠦᠯᠡᠳᠡᠭᠳᠡᠭᠰᠡᠨ ᠡᠪᠳᠡᠭᠳᠡᠭᠰᠡᠨ ᠭᠠᠵᠡᠷ ᠰᠢᠷᠦᠢ ᠶᠢ ᠳᠡᠬᠢᠨ ᠬᠠᠭᠠᠯᠪᠦᠷᠢᠯᠡᠬᠤ ᠨᠣᠷᠮ᠎ᠠ ᠶᠢ 40% ᠠᠴᠠ ᠳᠡᠭᠡᠭᠰᠢ ᠳᠤ ᠬᠦᠷᠦᠬᠦᠯᠬᠦ ᠪᠠᠷ ᠴᠢᠷᠮᠡᠶᠢᠬᠤ ᠭᠡᠷᠡᠭᠳᠡᠢ᠃      ᠳᠥᠷᠪᠡ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ ᠨᠤᠭᠤᠳ ᠵᠤᠬᠢᠶᠡᠨ ᠪᠠᠶᠢᠭᠤᠯᠥᠯᠳᠡ ᠶᠢᠨ ᠣᠳᠣᠷᠢᠳᠣᠯᠭ᠎ᠠ ᠪᠠᠨ ᠴᠢᠩᠭᠠᠳᠬᠠᠵᠦ᠂ ᠭᠤᠤᠯ ᠴᠣᠠᠠᠴᠠ ᠶᠢᠨ ᠬᠠᠷᠢᠭᠤᠴᠠᠯᠭ᠎ᠠ ᠶᠢ ᠦᠨᠡᠨᠬᠦ ᠨᠠᠶᠢᠳᠡᠪᠦᠷᠢᠵᠢᠭᠤᠯᠥᠨ᠂ ᠡᠯ᠎ᠠ ᠵᠦᠢᠯ ᠤᠨ ᠳᠥᠷᠥ ᠶᠢᠨ ᠪᠤᠳᠣᠯᠭ᠎ᠠ ᠶᠢᠨ ᠠᠷᠭ᠎ᠠ ᠭᠡᠮᠵᠢᠶ᠎ᠠ ᠶᠢ ᠳᠡᠬᠦᠯᠳᠡᠷᠵᠢᠬᠦᠯᠵᠦ᠂ ᠳᠡᠭᠡᠳᠦ ᠨᠢᠭᠡ ᠱᠠᠳᠣᠨ ᠤ ᠭᠠᠵᠡᠷ ᠰᠢᠷᠦᠢ ᠶᠢᠨ ᠴᠡᠭᠴᠡᠯᠡᠨ ᠵᠠᠰᠠᠬᠤ ᠳᠥᠯᠥᠪᠵᠢᠬᠦᠯᠬᠡ ᠳᠤ ᠲᠣᠠᠠᠳᠠᠭᠠᠠᠠᠰᠠᠨ ᠬᠠᠷᠡᠯᠳᠡ ᠪᠠ ᠡᠬᠦᠷᠭᠡ ᠶᠢ ᠦᠨᠳᠣᠰᠥᠯᠡᠨ᠂ ᠲᠣᠰ ᠵᠠᠰᠠᠭ ᠵᠠᠬᠢᠷᠭᠠᠨ ᠤ ᠣᠷᠣᠨ ᠤ ᠭᠠᠵᠡᠷ ᠰᠢᠷᠦᠢ ᠶᠢᠨ ᠴᠡᠭᠴᠡᠯᠡᠨ ᠵᠠᠰᠠᠬᠤ ᠳᠥᠯᠥᠪᠵᠢᠬᠦᠯᠬᠡ ᠶᠢ ᠨᠡᠶᠢᠷᠡᠭᠤᠯᠥᠨ ᠵᠤᠬᠢᠶᠡᠵᠦ ᠭᠡᠷᠡᠭᠵᠢᠬᠦᠯᠬᠦ ᠶᠢ ᠰᠠᠶᠢᠳᠣᠷ ᠬᠢᠵᠦ᠂ ᠦᠨᠳᠣᠷ ᠪᠡᠷᠢᠮᠵᠢᠶᠡᠳᠦ ᠳᠡᠷᠢᠶᠡᠨ ᠭᠠᠵᠡᠷ ᠤᠨ ᠪᠦᠳᠦᠭᠡᠨ ᠪᠠᠶᠢᠭᠤᠯᠥᠯᠳᠡ᠂ ᠳᠡᠷᠢᠶᠡᠯᠡᠩ ᠳᠤ ᠭᠡᠷᠡᠭᠯᠡᠬᠦ ᠭᠠᠵᠡᠷ ᠰᠢᠷᠦᠢ ᠶᠢ ᠴᠡᠭᠴᠡᠯᠡᠨ ᠵᠠᠰᠠᠬᠤ᠂ ᠬᠤᠳᠡ ᠬᠦᠳᠡᠭᠡ ᠶᠢᠨ ᠪᠦᠳᠦᠭᠡᠨ ᠪᠠᠶᠢᠭᠤᠯᠥᠯᠳᠡ ᠳᠤ ᠭᠡᠷᠡᠭᠯᠡᠬᠦ ᠭᠠᠵᠡᠷ ᠰᠢᠷᠦᠢ ᠶᠢ ᠴᠡᠭᠴᠡᠯᠡᠨ ᠵᠠᠰᠠᠬᠤ᠂ ᠭᠠᠵᠡᠷ ᠰᠢᠷᠦᠢ ᠶᠢ ᠳᠡᠬᠢᠨ ᠬᠠᠭᠠᠯᠪᠤᠷᠢᠯᠠᠬᠤ ᠵᠡᠷᠭᠡ ᠡᠯ᠎ᠠ ᠵᠦᠢᠯ ᠤᠨ ᠠᠵᠢᠯ ᠢ ᠨᠢᠭᠡᠳᠦᠯᠳᠡᠢ ᠳᠥᠯᠥᠪᠯᠡᠨ ᠲᠣᠬᠢᠷᠡᠭᠤᠯᠵᠦ᠂ ︽ᠳᠥᠯᠥᠪᠵᠢᠬᠦᠯᠬᠡ︾ ᠳᠤ ᠲᠣᠠᠠᠳᠠᠭᠠᠠᠠᠰᠠᠨ ᠭᠠᠵᠡᠷ ᠰᠢᠷᠦᠢ ᠶᠢᠨ ᠴᠡᠭᠴᠡᠯᠡᠨ ᠵᠠᠰᠠᠬᠤ ᠬᠠᠷᠡᠯᠳᠡᠳᠣ ᠡᠬᠦᠷᠭᠡ ᠶᠢ ᠪᠦᠬᠦ ᠳᠡᠯ᠎ᠠ ᠪᠠᠷ ᠨᠡᠶᠢᠳᠡᠪᠦᠷᠢᠵᠢᠭᠤᠯᠬᠤ ᠭᠡᠷᠡᠭᠳᠡᠢ᠃      ᠲᠠᠪᠤ᠂ ᠦᠪᠡᠷᠳᠡᠭᠡᠨ ᠵᠠᠰᠠᠬᠤ ᠣᠷᠣᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠯᠥᠨ ᠨᠢᠭᠡᠴᠡ ᠨᠦᠭᠦᠳ ᠡᠬᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠡᠷᠢᠯᠡᠯ ᠢ ᠦᠨᠳᠣᠰᠣᠯᠡᠨ᠂ ᠨᠢᠠᠠᠳᠡ ᠵᠤᠬᠢᠴᠠᠯᠳᠣᠨ ᠬᠠᠮᠵᠢᠯᠴᠠᠵᠦ᠂ ᠳᠥᠯᠥᠪᠵᠢᠬᠦᠯᠵᠦ ᠨᠡᠶᠢᠷᠡᠭᠤᠯᠥᠨ ᠵᠤᠬᠢᠶᠡᠬᠤ᠂ ᠳᠥᠷᠥ ᠶᠢᠨ ᠪᠤᠳᠣᠯᠭ᠎ᠠ ᠶᠢ ᠭᠡᠷᠡᠭᠵᠢᠬᠦᠯᠬᠦ᠂ ᠳᠥᠷᠦᠯ ᠵᠦᠢᠯ ᠢ ᠲᠣᠬᠢᠷᠡᠭᠤᠯᠬᠤ᠂ ᠪᠡᠯᠡ ᠮᠦᠡᠭᠬᠦ ᠶᠢ ᠪᠠᠳᠣᠯᠠᠬᠤ ᠪᠠ ᠪᠠᠶᠢᠭᠤᠯᠥᠯ ᠲᠣᠠᠠᠳᠡᠴᠠ ᠶᠢᠨ ᠰᠢᠨ᠎ᠡ ᠶᠢ ᠡᠬᠦᠳᠬᠦ ᠵᠡᠷᠭᠡ ᠳᠡᠯ᠎ᠠ ᠪᠠᠷ ᠢᠳᠡᠪᠬᠢᠳᠡᠢ ᠪᠠᠷ ᠳᠡᠮᠵᠢᠬᠦ ᠭᠡᠷᠡᠭᠳᠡᠢ᠃ ᠦᠪᠡᠷᠳᠡᠭᠡᠨ ᠵᠠᠰᠠᠬᠤ ᠣᠷᠣᠨ ᠤ ᠣᠯᠥᠰ ᠤᠨ ᠭᠠᠵᠡᠷ ᠰᠢᠷᠦᠢ ᠡᠬᠢ ᠪᠠᠶᠠᠯᠢᠭ ᠤᠨ ᠳᠢᠩᠬᠢᠮ᠂ ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ ᠳᠥᠷᠦᠬᠦᠯᠡᠨ ︽ᠳᠥᠯᠥᠪᠵᠢᠬᠦᠯᠬᠡ︾ ᠶᠢ ᠵᠤᠬᠢᠶᠡᠨ ᠪᠠᠶᠢᠭᠤᠯᠥᠨ ᠭᠡᠷᠡᠭᠵᠢᠬᠦᠯᠬᠦ ᠠᠵᠢᠯ ᠢ ᠰᠠᠶᠢᠳᠣᠷ ᠬᠢᠵᠦ᠂ ᠮᠦᠷᠳᠡᠡ ᠵᠠᠳᠡᠯᠥᠨ ᠰᠢᠨᠵᠢᠬᠦ᠂ ᠰᠢᠮᠳᠠᠭᠤᠯᠥᠨ ᠪᠠᠶᠢᠴᠠᠭᠠᠬᠤ ᠪᠠ ᠰᠢᠯᠭᠠᠨ ᠬᠢᠨᠠᠵᠦ ᠦᠨᠡᠯᠡᠨ ᠵᠢᠱᠢᠬᠦ ᠶᠢ ᠴᠢᠩᠭᠠᠳᠬᠠᠵᠦ᠂ ︽ᠳᠥᠯᠥᠪᠵᠢᠬᠦᠯᠬᠡ︾ ᠶᠢ ᠭᠡᠷᠡᠭᠵᠢᠬᠦᠯᠬᠦ ᠲᠣᠮᠳᠡ ᠢᠯᠡᠷᠡᠭᠰᠡᠨ ᠠᠰᠠᠭᠤᠳᠡᠯ ᠢ ᠬᠢᠨᠠᠮᠠᠭᠠᠢ ᠪᠠᠷ ᠰᠣᠳᠣᠯᠥᠨ ᠰᠢᠢᠳᠪᠦᠷᠢᠯᠡᠵᠦ᠂ ︽ᠳᠥᠯᠥᠪᠵᠢᠬᠦᠯᠬᠡ︾ ᠶᠢᠨ ᠡᠯ᠎ᠠ ᠵᠦᠢᠯ ᠤᠨ ᠬᠠᠷᠡᠯᠳᠡᠳᠦ ᠡᠬᠦᠷᠭᠡ ᠶᠢᠨ ᠨᠡᠶᠢᠳᠡᠪᠦᠷᠢᠵᠢᠭᠤᠯᠥᠯᠳᠡ ᠶᠢ ᠠᠬᠢᠭᠤᠯᠵᠦ᠂ ᠴᠢᠬᠤᠯᠡ ᠶᠡᠭᠡ ᠠᠰᠠᠭᠤᠳᠡᠯ ᠢ ᠴᠠᠭ ᠲᠣᠬᠠᠢ ᠳᠤᠨᠢ ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠳᠤ ᠮᠡᠳᠡᠬᠦᠯᠬᠦ ᠭᠡᠷᠡᠭᠳᠡᠢ᠃                         ︵ᠲᠣᠰ ᠪᠢᠴᠢᠭ ᠮᠠᠲ᠋ᠧᠷᠢᠶᠡᠯ ᠢ ᠢᠯᠡ ᠨᠡᠶᠢᠳᠡᠯᠡᠨ᠎ᠠ︶  
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ