ᠤᠯᠠᠭᠠᠨᠴᠠᠪ ᠬᠤᠲᠠ ᠶᠢᠨ ︽ᠵᠢᠷᠭᠤᠭᠠᠨ ᠵᠦᠢᠯ ᠤᠨ ᠲᠦᠯᠦᠪᠯᠡᠭᠡ︾ 11.5 ᠲᠦᠮᠡᠨ ᠬᠦᠮᠦᠨ ᠤ ᠠᠳᠠᠯ ᠦᠢᠯᠡᠰ ᠴᠤᠭᠴᠠᠯᠠᠬᠤ ᠶᠢ ᠳᠠᠶᠢᠴᠢᠯᠠᠪᠠ
ᠨᠡᠶᠢᠲᠡᠯᠡᠭᠰᠡᠨ ᠴᠠᠭ᠄
2018/2/7
     ᠤᠶᠢᠷ᠎ᠠ ᠶᠢᠨ ᠵᠢᠯ ᠳᠤ᠂ ᠤᠯᠠᠭᠠᠨᠴᠠᠪ ᠬᠤᠲᠠ ᠰᠢᠨ᠎ᠡ ᠶᠢ ᠡᠭᠦᠳᠦᠭᠴᠢᠳ ᠤᠨ ᠬᠦᠰᠠᠯ ᠢ ᠪᠠᠶᠠᠯᠡᠬᠦᠯᠬᠦ᠂ ᠠᠳᠠᠯ ᠦᠢᠯᠡᠰ ᠴᠤᠭᠴᠠᠯᠠᠬᠤ ᠶᠢ ᠵᠤᠷᠢᠡᠡᠵᠢᠭᠤᠯᠬᠤ᠂ ᠠᠳᠠᠯ ᠦᠢᠯᠡᠰ ᠴᠤᠭᠴᠠᠯᠠᠬᠤ ᠶᠢ ᠬᠦᠲᠤᠯᠤᠨ ᠲᠠᠭᠠᠭᠤᠯᠬᠤ᠂ ᠰᠠᠭᠠᠳ ᠦᠬᠡᠢ ᠪᠠᠯᠠ ᠲᠤᠬᠢᠷᠠᠭᠤᠯᠬᠤ᠂ ᠵᠠᠯᠠᠭᠤᠴᠤᠳ ᠠᠳᠠᠯ ᠦᠢᠯᠡᠰ ᠴᠤᠭᠴᠠᠯᠠᠬᠤ᠂ ᠨᠤᠲᠤᠭ ᠲᠠᠭᠠᠨ ᠪᠤᠴᠠᠭᠰᠠᠨ ᠬᠦᠴᠦ ᠶᠠᠪᠤᠭᠴᠢ ᠮᠠᠯᠴᠢᠨ ᠲᠠᠷᠢᠶᠠᠴᠢᠨ ᠠᠳᠠᠯ ᠦᠢᠯᠡᠰ ᠴᠤᠭᠴᠠᠯᠠᠬᠤ ᠵᠡᠷᠬᠡ ︽ᠠᠳᠠᠯ ᠦᠢᠯᠡᠰ ᠴᠤᠭᠴᠠᠯᠠᠬᠤ ᠵᠢᠷᠭᠤᠭᠠᠨ ᠵᠦᠢᠯ ᠤᠨ ᠲᠦᠯᠦᠪᠯᠡᠭᠡ︾ ᠶᠢ ᠬᠦᠨᠵᠡᠬᠡᠢ ᠬᠡᠷᠡᠭᠵᠢᠬᠦᠯᠵᠤ᠂ ᠶᠡᠭᠡ ᠲᠠᠬᠡᠲᠤ ᠰᠤᠷᠭᠠᠭᠤᠯᠢ ᠲᠠᠬᠦᠰᠦᠭᠰᠡᠳ᠂ ᠠᠵᠢᠯ ᠠᠯᠲᠠᠭᠰᠠᠳ᠂ ᠨᠤᠲᠤᠭ ᠲᠠᠭᠠᠨ ᠪᠤᠴᠠᠭᠰᠠᠨ ᠬᠦᠴᠦ ᠶᠠᠪᠤᠭᠴᠢ ᠮᠠᠯᠴᠢᠨ ᠲᠠᠷᠢᠶᠠᠴᠢᠨ ᠵᠡᠷᠬᠡ ᠬᠦᠮᠤᠰ ᠤᠨ ᠠᠳᠠᠯ ᠦᠢᠯᠡᠰ ᠴᠤᠭᠴᠠᠯᠠᠬᠤ ᠳᠤ ᠳᠡᠮᠵᠢᠯᠭᠡ ᠦᠵᠡᠭᠦᠯᠪᠡ᠃ ᠤᠲᠤᠬᠠᠨ ᠳᠤ᠂ ᠪᠦᠬᠦ ᠬᠤᠲᠠ ᠶᠢᠨ ᠠᠳᠠᠯ ᠦᠢᠯᠡᠰ ᠴᠤᠭᠴᠠᠯᠠᠭᠴᠢᠳ 11.5 ᠲᠦᠮᠠᠨ ᠬᠦᠮᠤᠨ ᠳᠤ ᠬᠦᠷᠴᠦ᠂ ᠪᠦᠬᠦ ᠬᠦᠲᠠᠯᠮᠤᠷᠢᠯᠡᠭᠴᠢᠳ ᠤᠨ 7.8% ᠶᠢ ᠡᠵᠡᠯᠡᠵᠠᠢ᠃ 2017 ᠤᠨ ᠳᠤ᠂ ᠵᠠᠬ᠎ᠠ ᠲᠠᠯᠬᠡᠬᠦᠷ ᠤᠨ ᠭᠤᠤᠯ ᠴᠤᠭᠴᠠ 9211 ᠨᠡᠮᠡᠭᠳᠡᠵᠦ᠂ ᠠᠲᠠᠯᠢ ᠬᠤᠭᠤᠴᠠᠭᠠᠨ ᠤ ᠬᠢ ᠠᠴᠠ ᠪᠠᠨ 8.77% ᠢᠶᠠᠷ ᠨᠡᠮᠡᠭᠲᠠᠵᠠᠢ᠃      ᠤᠯᠠᠭᠠᠨᠴᠠᠪ ᠬᠤᠲᠠ ︽ᠰᠢᠨ᠎ᠠ ᠪᠠᠶᠢᠳᠠᠯ ᠲᠤᠤᠷ᠎ᠠ ᠠᠵᠢᠯ ᠤᠯᠭᠤᠵᠤ ᠠᠳᠠᠯ ᠦᠢᠯᠡᠰ ᠴᠤᠭᠴᠠᠯᠠᠬᠤ ᠠᠵᠢᠯ ᠢ ᠴᠢᠨᠠᠭᠰᠢᠲᠠ ᠰᠠᠶᠢᠲᠤᠷ ᠬᠢᠬᠦ ᠲᠤᠬᠠᠢ ᠬᠡᠷᠡᠭᠵᠢᠬᠦᠯᠬᠦ ᠰᠠᠨᠠᠯ︾᠂ ︽ᠬᠦᠴᠦ ᠶᠠᠪᠤᠭᠴᠢ ᠮᠠᠯᠴᠢᠨ ᠲᠠᠷᠢᠶᠠᠴᠢᠨ ᠵᠡᠷᠬᠡ ᠬᠦᠮᠤᠰ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠤᠭᠴᠠᠯᠠᠬᠤ ᠶᠢ ᠲᠠᠮᠵᠢᠬᠦ ᠬᠡᠷᠡᠭᠵᠢᠬᠦᠯᠬᠦ ᠰᠠᠨᠠᠯ︾ ᠵᠡᠷᠬᠡ ᠲᠦᠷᠦ ᠶᠢᠨ ᠪᠤᠲᠤᠯᠭ᠎ᠠ ᠲᠤᠭᠲᠠᠭᠠᠵᠤ᠂ ᠡᠳ᠋ ᠤᠨ ᠵᠠᠰᠠᠭ᠂ ᠪᠠᠯᠠ ᠲᠤᠬᠢᠷᠠᠭᠤᠯᠭ᠎ᠠ᠂ ᠦᠢᠯᠡᠳᠪᠤᠷᠢ ᠬᠤᠲᠠᠯᠲᠤᠭ᠎ᠠ᠂ ᠭᠠᠶᠢᠯᠢ ᠲᠠᠲᠠᠪᠤᠷᠢ᠂ ᠭᠠᠵᠠᠷ ᠰᠢᠷᠤᠢ᠂ ᠴᠠᠬᠢᠯᠭᠠᠨ ᠬᠦᠴᠤᠨ ᠵᠡᠷᠬᠡ ᠲᠠᠯ᠎ᠠ ᠪᠠᠷ ᠠᠳᠠᠯ ᠦᠢᠯᠡᠰ ᠴᠤᠭᠴᠠᠯᠠᠭᠴᠢᠳ ᠲᠤ ᠬᠠᠷᠠᠭᠠᠯᠵᠠᠯ ᠪᠠ ᠲᠠᠮᠵᠢᠯᠬᠡ ᠦᠵᠡᠭᠦᠯᠪᠡ᠃ ᠬᠤᠲᠠ ᠶᠢᠨ ᠡᠳ᠋ ᠤᠨ ᠵᠠᠰᠠᠭ ᠨᠢ ᠵᠢᠯ ᠪᠦᠷᠢ ᠠᠳᠠᠯ ᠦᠢᠯᠠᠰ ᠴᠤᠭᠴᠠᠯᠠᠬᠤ ᠬᠦᠭᠵᠢᠯᠲᠠ ᠶᠢᠨ ᠪᠠᠯᠠ ᠮᠦᠡᠭᠬᠦ 1500 ᠲᠦᠮᠠᠨ ᠲᠦᠬᠦᠷᠢᠭ ᠲᠤᠬᠢᠷᠠᠭᠤᠯᠤᠨ᠂ ᠠᠳᠠᠯ ᠦᠢᠯᠡᠰ ᠴᠤᠭᠴᠠᠯᠠᠬᠤ ᠦᠢᠯᠠᠴᠢᠯᠡᠬᠡᠨ ᠤ ᠰᠢᠰᠲ᠋ᠧᠮ ᠤᠨ ᠪᠠᠶᠢᠭᠤᠯᠤᠯᠲᠠ᠂ ᠠᠳᠠᠯ ᠦᠢᠯᠡᠰ ᠴᠤᠭᠴᠠᠯᠠᠬᠤ ᠨᠡᠪᠴᠢᠭᠦᠯᠦᠯᠳᠡ ᠶᠢᠨ ᠰᠠᠭᠤᠷᠢᠨ ᠭᠠᠵᠠᠷ ᠤᠨ ᠱᠠᠩᠨᠠᠯ ᠨᠦᠬᠦᠪᠤᠷᠢ᠂ ᠠᠳᠠᠯ ᠦᠢᠯᠡᠰ ᠴᠤᠭᠴᠠᠯᠠᠬᠤ ᠳᠠᠭᠠᠭᠠᠯᠲᠠᠲᠤ ᠵᠢᠭᠡᠯᠡᠯᠭᠡ ᠶᠢᠨ ᠬᠦᠤ ᠮᠦᠡᠭᠬᠦ ᠵᠡᠷᠬᠡ ᠳᠤ ᠬᠡᠷᠡᠭᠯᠡᠵᠠᠢ᠃      ᠤᠲᠤᠬᠠᠨ ᠳᠤ᠂ ᠤᠯᠡᠭᠠᠨᠴᠠᠪ ᠬᠤᠲᠠ 70 ᠭᠠᠷᠤᠢ ᠳ᠋ᠦᠩᠰᠢᠭᠤᠷ ᠲᠦᠬᠦᠷᠢᠭ ᠤᠨ ᠪᠠᠯᠠ ᠤᠷᠤᠭᠤᠯᠵᠣ᠂ 29 ᠠᠳᠠᠯ ᠦᠢᠯᠡᠰ ᠴᠤᠭᠴᠠᠯᠠᠬᠤ ᠬᠦᠷᠢᠶᠠᠯᠠᠩ ᠪᠠ ᠨᠡᠪᠴᠢᠭᠦᠯᠦᠯᠳᠡ ᠶᠢᠨ ᠰᠠᠭᠤᠷᠢᠨ ᠭᠠᠵᠠᠷ ᠢ ᠪᠠᠶᠢᠭᠤᠯᠪᠠ᠃ ᠠᠳᠠᠯ ᠦᠢᠯᠡᠰ ᠴᠤᠭᠴᠠᠯᠠᠬᠤ ᠬᠦᠷᠢᠶᠠᠯᠠᠩ᠂ ᠨᠡᠪᠴᠢᠭᠦᠯᠦᠯᠳᠡ ᠶᠢᠨ ᠰᠠᠭᠤᠷᠢᠨ ᠭᠠᠵᠠᠷ ᠲᠤ ᠠᠳᠠᠯ ᠦᠢᠯᠡᠰ ᠴᠤᠭᠴᠠᠯᠠᠭᠴᠢᠳ ᠤᠨ ᠭᠡᠷ ᠤᠨ ᠲᠦᠷᠢᠶᠠᠰᠤ᠂ ᠠᠲᠠᠯ ᠠᠬᠤᠢ ᠶᠢᠨ ᠵᠠᠷᠣᠳᠠᠯ᠂ ᠤᠰᠤ ᠴᠠᠬᠢᠯᠭᠠᠨ ᠤ ᠰᠦᠢᠳᠬᠡᠯ᠂ ᠰᠦᠯᠵᠢᠶ᠎ᠡ ᠶᠢᠨ ᠰᠦᠢᠳᠬᠡᠯ ᠵᠡᠷᠬᠡ ᠵᠠᠷᠤᠲᠠᠯ ᠢ ᠨᠢ 3 ᠵᠢᠯ ᠤᠨ ᠲᠤᠲᠤᠷ᠎ᠠ ᠪᠦᠬᠦᠨ ᠢ ᠬᠡᠯᠲᠤᠷᠢᠬᠦᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号