ᠦᠪᠡᠷᠳᠡᠭᠡᠨ ᠵᠠᠰᠠᠬᠤ ᠤᠷᠤᠨ ᠤ ᠵᠢᠭᠤᠯᠴᠢᠯᠠᠯ ᠤᠨ ᠭᠦᠭᠵᠢᠭᠦᠯᠦᠯᠳᠠ ᠶᠢᠨ ᠵᠦᠪᠯᠡᠯ ᠠᠴᠠ | ᠤᠢᠢᠯᠠᠭᠠᠬᠰᠡᠨ ᠢᠶᠠᠷ᠂ ᠠᠯᠠᠱᠠ ᠠᠶᠢᠮᠠᠬ ᠤᠨ ᠤᠯᠤᠰ ᠤᠨ 4A ᠲᠠᠰ ᠤᠨ ᠵᠢᠭᠤᠯᠴᠢᠯᠠᠯ ᠤᠨ ᠤᠷᠤᠨ ᠳᠠᠬᠢᠨ | ᠰᠢᠨ᠎ᠡ ᠪᠠᠷ 3 ᠨᠡᠮᠡᠭᠳᠡᠵᠦ᠂ 4A ᠲᠠᠰ ᠤᠨ ᠵᠢᠭᠤᠯᠴᠢᠯᠠᠯ ᠤᠨ ᠤᠷᠤᠨ ᠤ ᠲᠤᠭ᠎ᠠ ᠨᠡᠮᠡᠭᠳᠡᠭᠡᠳ 12 ᠪᠤᠯᠤᠭᠰᠠᠨ | ᠪᠠᠶᠢᠨ᠎ᠠ᠃ | ︽ᠵᠢᠭᠤᠯᠴᠢᠯᠠᠯ ᠤᠨ ᠦᠵᠡᠮᠵᠢ ᠶᠢᠨ ᠤᠷᠤᠨ ᠤ ᠶᠠᠰᠤ ᠴᠢᠨᠠᠷ ᠤᠨ ᠲᠠᠰ ᠤᠨ ᠬᠤᠪᠢᠶᠠᠷᠢᠯᠠᠯ ᠬᠢᠭᠡᠳ ᠦᠨᠡᠯᠡᠨ | ᠲᠤᠬᠲᠠᠭᠠᠯᠲᠠ︾ ᠪᠤᠯᠤᠨ ︽ᠵᠢᠭᠤᠯᠴᠢᠯᠠᠯ ᠤᠨ ᠦᠵᠡᠮᠵᠢ ᠶᠢᠨ ᠤᠷᠤᠨ ᠤ ᠶᠠᠰᠤ ᠴᠢᠨᠠᠷ ᠤᠨ ᠲᠠᠰ ᠤᠨ | ᠬᠠᠮᠢᠶᠠᠷᠤᠯᠲᠠ ᠶᠢᠨ ᠠᠷᠭ᠎ᠠ︾ ᠶᠤᠰᠤᠭᠠᠷ᠂ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠡᠬᠢ ᠪᠠᠶᠠᠯᠢᠭ ᠤᠨ | ᠲᠦᠯᠦᠪᠵᠢᠬᠦᠯᠬᠡ ᠨᠡᠭᠡᠭᠡᠨ ᠬᠦᠭᠵᠢᠭᠦᠯᠤᠯᠳᠠ ᠶᠢᠨ ᠶᠠᠰᠤ ᠴᠢᠨᠠᠷ ᠢ ᠦᠨᠡᠯᠡᠨ ᠲᠤᠬᠲᠠᠭᠠᠬᠤ ᠵᠦᠪᠯᠡᠯ ᠤᠨ ᠲᠤᠰᠬᠠᠢ | ᠮᠡᠷᠭᠡᠵᠢᠯᠲᠠᠨ ᠤ ᠦᠨᠡᠯᠡᠯᠲᠠ ᠪᠠ ᠦᠪᠡᠷᠳᠡᠬᠡᠨ ᠵᠠᠰᠠᠬᠤ ᠤᠷᠤᠨ ᠤ ᠵᠢᠭᠤᠯᠴᠢᠯᠠᠯ ᠤᠨ ᠬᠦᠭᠵᠢᠭᠦᠯᠦᠯᠲᠠ ᠶᠢᠨ | ᠵᠦᠪᠯᠡᠯ ᠤᠨ ᠵᠦᠪᠰᠢᠶᠡᠷᠡᠯ ᠢᠶᠠᠷ ᠲᠠᠮᠵᠢᠨ᠂ ᠠᠯᠠᠱᠠ ᠠᠶᠢᠮᠠᠭ ᠤᠨ ᠶᠤᠧᠠᠨ ᠶᠢᠩ ᠵᠢᠭᠤᠯᠴᠢᠯᠠᠯ ᠤᠨ ᠦᠵᠡᠮᠵᠢ ᠶᠢᠨ | ᠤᠷᠤᠨ᠂ ᠳ᠋ᠦᠩ ᠹᠧᠩ ᠰᠠᠨᠰᠠᠷ ᠤᠨ ᠠᠶᠠᠯᠠᠯ ᠤᠨ ᠬᠤᠲᠠ᠂ ᠮᠧᠩ ᠰᠢᠶᠠᠩ ᠡᠯᠡᠰᠦᠨ ᠴᠦᠯ ᠤᠨ ᠮᠠᠰᠢᠨ | ᠲᠡᠷᠬᠡ ᠶᠢᠨ ᠵᠤᠭ᠎ᠠ ᠴᠡᠩᠭᠡᠯ ᠤᠨ ᠬᠦᠷᠢᠶᠡᠯᠡᠩ ᠨᠢ ᠤᠯᠤᠰ ᠤᠨ 4A ᠲᠠᠰ ᠤᠨ ᠵᠢᠭᠤᠯᠴᠢᠯᠠᠯ ᠤᠨ ᠦᠵᠡᠮᠵᠢ ᠶᠢᠨ | ᠤᠷᠤᠨ ᠢᠶᠠᠷ ᠦᠨᠡᠯᠡᠭᠳᠠᠵᠠᠢ᠃ | ᠤᠳᠤᠬᠠᠨ ᠳᠤ᠂ ᠪᠦᠬᠦ ᠠᠶᠢᠮᠠᠭ ᠤᠨ A ᠲᠠᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠨᠡᠶᠢᠳᠡ 27 | ᠪᠤᠯᠵᠤ᠂ ᠡᠬᠦᠨ ᠳᠤ 4A ᠲᠠᠰ ᠤᠨ ᠬᠢ 12 ᠪᠤᠯᠤᠬᠰᠨᠨ ᠠᠴᠠ ᠭᠠᠳᠠᠨ᠎ᠠ᠂ 3A ᠪᠠ 2A ᠲᠠᠰ ᠤᠨ ᠥᠵᠡᠮᠵᠢ | ᠶᠢᠨ ᠤᠷᠤᠨ ᠲᠤᠰᠪᠤᠷᠢ 4 ᠪᠠ 11 ᠪᠤᠯᠤᠭᠰᠠᠨ ᠪᠠᠶᠢᠨ᠎ᠠ᠃ |